2024 ᠣᠨ ᠳᠤ ᠪᠥᠬᠦ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ | ᠢᠳᠡᠪᠬᠢᠲᠡᠶ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠳ᠋ ᠤᠨ ᠵᠠᠰᠠᠭ ᠤᠨ ᠣᠷᠣᠯᠭ᠎ᠠ ᠶᠢ ᠪᠥᠬᠦ | ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠳᠤ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 3150.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠵᠢᠯ ᠤᠨ ᠡᠬᠢᠨ ᠤ 3100 ᠳ᠋ᠦᠩᠰᠢᠭᠤᠷ ᠲᠥᠭᠦᠷᠢᠭ ᠤᠨ ᠲᠥᠰᠦᠪ ᠢᠶᠠᠨ 101.6% ᠪᠠᠷ ᠪᠡᠶᠡᠯᠡᠭᠦᠯᠵᠦ᠂ ᠣᠨ ᠤ | ᠲᠥᠰᠦᠪ ᠤᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠂ ᠨᠢᠭᠡ ᠯᠡ ᠤᠳᠠᠭ᠎ᠠ ᠶᠢᠨ ᠴᠢᠨᠠᠷᠲᠠᠶ ᠣᠨᠴᠠᠭᠠᠶ | ᠬᠦᠴᠦᠨ ᠵᠦᠢᠯ ᠤᠨ ᠨᠥᠯᠥᠭᠡ ᠶᠢ ᠭᠠᠷᠭᠠᠪᠠᠯ᠂ ᠠᠳᠠᠯᠢᠳᠬᠠᠬᠤᠢ ᠨᠡᠮᠡᠭᠳᠡᠯ ᠨᠢ 7.2% ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠵᠦ᠂ 3 ᠵᠢᠯ ᠳᠠᠷᠠᠭᠠᠯᠠᠨ ᠥᠨᠳᠥᠷ ᠨᠡᠮᠡᠭᠳᠡᠯ ᠲᠠᠢ ᠥᠨᠳᠥᠷ | ᠰᠠᠭᠤᠷᠢ ᠲᠤᠭ᠎ᠠ ᠶᠢ ᠪᠦᠷᠢᠯᠳᠦᠭᠦᠯᠦᠭᠰᠡᠨ ᠪᠦᠭᠡᠳ 2024 ᠣᠨ ᠤ ᠲᠦᠷᠦᠭᠦᠤ 10 ᠰᠠᠷ᠎ᠠ ᠶᠢᠨ ᠨᠡᠶᠢᠲᠡ | ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠪᠠᠶᠢᠳᠠᠯ ᠳᠣᠣᠷ᠎ᠠ᠂ ᠪᠦᠬᠦ ᠵᠢᠯ ᠤᠨ ᠣᠷᠤᠯᠭ᠎ᠠ ᠪᠠᠨ | ᠠᠳᠠᠯᠢ ᠬᠤᠭᠤᠴᠠᠭᠠᠨ ᠤ ᠬᠢ ᠠᠴᠠ ᠡᠶᠡᠷᠭᠦ ᠨᠡᠮᠡᠭᠳᠡᠯ ᠲᠠᠢ ᠪᠣᠯᠬᠤ ᠶᠢ ᠪᠡᠶᠡᠯᠡᠭᠦᠯᠪᠡ᠃ ᠴᠢᠬᠤᠯᠠ ᠶᠡᠭᠡ ᠵᠠᠷᠤᠯᠭ᠎ᠠ ᠶᠢ | ᠬᠦᠴᠦᠲᠡᠢ ᠪᠠᠲᠤᠯᠠᠵᠤ᠂ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 6928 | ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠳᠤ ᠵᠢᠱᠢᠭᠰᠡᠨ ᠲᠤᠭ᠎ᠠ 6900 ᠳ᠋ᠦᠩᠰᠢᠭᠤᠷ | ᠲᠥᠭᠦᠷᠢᠭ ᠢᠶᠠᠨ 100.4% ᠪᠠᠷ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 91.8 ᠳ᠋ᠦᠩᠰᠢᠭᠤᠷ | ᠲᠥᠭᠦᠷᠢᠭ ᠨᠡᠮᠡᠭᠳᠡᠭᠦᠯᠵᠦ᠂ 1.3% ᠪᠠᠷ ᠨᠡᠮᠡᠭᠳᠡᠪᠡ᠃ ᠪᠥᠬᠦ ᠣᠷᠣᠨ ᠳᠤ ︽ᠲᠠᠪᠤᠨ ᠶᠡᠭᠡ ᠡᠭᠦᠷᠭᠡ︾ ᠶᠢᠨ ᠪᠡᠯᠡ | ᠮᠥᠩᠭᠦ ᠶᠢᠨ ᠵᠠᠷᠤᠯᠭ᠎ᠠ ᠶᠢ 2380.8 ᠳ᠋ᠦᠩᠰᠢᠭᠤᠷ ᠲᠥᠭᠦᠷᠢᠭ ᠨᠢᠭᠡᠳᠦᠯᠲᠡᠢ ᠲᠥᠯᠥᠪᠯᠡᠨ ᠪᠠᠲᠤᠯᠠᠭᠠᠳ᠂ ᠡᠩ ᠤᠨ | ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 34.4% ᠶᠢ ᠡᠵᠡᠯᠡᠪᠡ᠃ ︵ᠡᠳ᠋ ᠤᠨ ᠵᠠᠰᠠᠭ ᠤᠨ ᠲᠢᠩᠬᠢᠮ︶ |