ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ | ᠬᠤᠷᠢᠶ᠎ᠠ ᠶᠢᠨ ᠨᠠᠢᠮᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ | ︵2025 ᠣᠨ ᠤ 1 ᠳ᠋ᠦ᠋ᠭᠡᠷ ᠰᠠᠷ᠎ᠠ ᠶᠢᠨ 2 ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠤ | ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠥᠬᠦᠳᠡ ᠬᠤᠷᠠᠯ ᠳᠡᠭᠡᠷ᠎ᠡ ᠪᠠᠲᠤᠯᠠᠪᠠ︶ | | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ | ᠬᠤᠷᠢᠶ᠎ᠠ ᠶᠢᠨ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ | 2025 ᠣᠨ ᠤ 1 ᠳ᠋ᠦ᠋ᠭᠡᠷ ᠰᠠᠷ᠎ᠠ ᠶᠢᠨ 2 ᠲᠤ ᠬᠤᠷᠠᠯᠳᠤᠪᠠ᠃ | ᠪᠥᠬᠦᠳᠡ ᠬᠤᠷᠠᠯ ᠳᠤ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ 42 ᠬᠥᠮᠦᠨ᠂ ᠣᠷᠣᠯᠠᠭᠴᠢ ᠭᠡᠰᠢᠭᠦᠨ | 10 ᠬᠥᠮᠦᠨ ᠣᠷᠣᠯᠴᠠᠪᠠ᠃ ᠬᠤᠳᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ | ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠬᠤᠳᠠ ᠶᠢᠨ ᠵᠢᠷᠭᠤᠳᠤᠭᠠᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ | ᠰᠤᠯᠠ ᠣᠷᠣᠯᠴᠠᠪᠠ᠃ | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠬᠤᠷᠠᠯ ᠳᠡᠭᠡᠷ᠎ᠡ ᠶᠠᠷᠢᠶ᠎ᠠ ᠲᠠᠯᠪᠢᠵᠤ ᠪᠠᠶᠢᠭ᠎ᠠ ᠨᠢ᠃ ᠰᠤᠷᠪᠤᠯᠵᠢᠯᠠᠭᠴᠢ | ᠵᠠᠩ ᠴᠢ ᠮᠢᠨ ᠱᠢ ᠰᠢᠶᠣᠤ ᠪᠥᠸᠧ ᠰᠡᠭᠦᠳᠡᠷᠯᠡᠪᠡ | ᠪᠥᠬᠦᠳᠡ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ | ᠱᠦᠵᠢ ᠮᠧᠩ ᠰᠢᠶᠠᠨ ᠳ᠋ᠦᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ | ᠴᠢ᠊ · ᠳᠠᠯᠠᠨᠲᠠᠢ ᠲᠣᠰ ᠲᠣᠰ ᠶᠠᠷᠢᠶ᠎ᠠ ᠲᠠᠯᠪᠢᠪᠠ᠃ | ᠪᠥᠬᠦᠳᠡ ᠬᠤᠷᠠᠯ ᠳᠡᠭᠡᠷ᠎ᠡ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ | ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠣᠯᠳᠠᠯᠭ᠎ᠠ ᠲᠠᠢ ᠡᠭᠦᠷᠭᠡ ᠶᠢ | ᠪᠠᠶᠢᠷᠢᠯᠠᠭᠤᠯᠪᠠ᠃ | ᠪᠥᠬᠦᠳᠡ ᠬᠤᠷᠠᠯ ᠳᠡᠭᠡᠷ᠎ᠡ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠢᠭᠡ ᠵᠢᠯ ᠤᠨ | ᠲᠤᠷᠰᠢᠬᠢ ᠠᠵᠢᠯ ᠢ ᠭᠦᠢᠴᠡᠳ ᠨᠤᠲᠠᠯᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ | ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠣᠣᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠥᠬᠦ | ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ | ᠺᠠᠳ᠋ᠷ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠳᠠᠪᠠᠯᠲᠠ ᠲᠠᠢ ᠨᠡᠬᠡᠯᠲᠡ ᠳᠤ | ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠵᠢᠯᠣᠭᠤᠳᠤᠮᠵᠢ ᠶᠢ ᠡᠷᠡᠰ ᠪᠠᠲᠤ ᠴᠢᠩᠭᠠᠳᠬᠠᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠴᠦᠲᠡᠶ ᠪᠥᠭᠡᠳ ᠡᠮᠬᠢ ᠵᠢᠷᠤᠮ ᠲᠠᠢ ᠭᠦᠨᠵᠡᠭᠡᠶᠢᠷᠡᠭᠦᠯᠵᠦ᠂ | ᠪᠣᠳᠠᠲᠤ ᠦᠷ᠎ᠡ ᠪᠦᠲᠦᠮᠵᠢ ᠣᠯᠵᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ | ᠬᠥᠭᠵᠢᠯᠲᠡ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠵᠤ᠂ ᠣᠳᠣᠬᠢᠴᠢᠯᠠᠭᠰᠠᠨ | ᠲᠦᠩᠯᠢᠶᠣᠤ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠮ ᠢ ᠯᠠᠪᠳᠠᠭᠤᠨ ᠪᠠᠲᠤᠲᠠᠶ ᠠᠯᠬᠤᠪᠠ ᠭᠡᠵᠦ ᠰᠠᠨᠠᠯ ᠨᠢᠭᠡᠲᠡᠶ | ᠦᠵᠡᠪᠡ᠃ | | | | 1 ᠳ᠋ᠦ᠋ᠭᠡᠷ ᠰᠠᠷ᠎ᠠ ᠶᠢᠨ 2 ᠲᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠩᠯᠢᠶᠣᠤ ᠬᠤᠳᠠ ᠶᠢᠨ | ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ | ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ ᠰᠤᠷᠪᠤᠯᠵᠢᠯᠠᠭᠴᠢ ᠵᠠᠩ ᠴᠢ ᠮᠢᠨ ᠱᠢ ᠰᠢᠶᠣᠤ ᠪᠥᠸᠧ | ᠰᠡᠭᠦᠳᠡᠷᠯᠡᠪᠡ | ᠪᠥᠬᠦᠳᠡ ᠬᠤᠷᠠᠯ ᠳᠡᠭᠡᠷ᠎ᠡ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠢᠪᠲᠤᠯᠤᠯᠲᠠ ᠶᠢᠨ ᠵᠢᠯ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠪᠠᠶᠢᠷᠢᠯᠠᠭᠤᠯᠬᠤ ᠵᠢᠯ ᠪᠣᠯᠤᠨ᠎ᠠ᠂ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠲᠦᠢᠯ ᠤᠨ | ᠴᠢᠬᠤᠯᠠ ᠶᠤᠮ᠃ ᠬᠤᠷᠸ᠎ᠠ ᠲᠦᠷᠦ ᠶᠢᠨ ᠪᠤᠳᠤᠯᠭ᠎ᠠ ᠶᠢ ᠡᠵᠡᠮᠳᠡᠵᠦ᠂ ᠠᠵᠠ ᠲᠣᠬᠢᠶᠠᠯ ᠢ ᠴᠢᠷᠮᠠᠶᠢᠨ ᠠᠳᠬᠤᠵᠤ᠂ | ᠨᠠᠮ ᠤᠨ ᠲᠥᠪ ᠬᠤᠷᠢᠶᠠᠨ ᠤ ᠳᠤᠷᠠᠳᠤᠭᠰᠠᠨ ᠶᠡᠷᠦᠩᠬᠡᠢ ᠱᠠᠭᠠᠷᠳᠠᠯᠭ᠎ᠠ᠂ ᠵᠢᠱᠢᠭᠰᠡᠨ ᠬᠠᠷᠠᠯᠲᠠ ᠪᠣᠯᠤᠨ ᠲᠦᠷᠦ ᠶᠢᠨ | ᠪᠤᠳᠤᠯᠭ᠎ᠠ ᠶᠢᠨ ᠬᠠᠨᠳᠤᠰᠢ ᠶᠢ ᠣᠨᠣᠪᠴᠢᠲᠠᠢ ᠣᠶᠢᠯᠠᠭᠠᠵᠤ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ | ᠭᠦᠢᠴᠡᠳ ᠠᠰᠢᠭᠯᠠᠵᠤ᠂ ᠰᠢᠨ᠎ᠡ ᠨᠢᠭᠡ ᠵᠢᠯ ᠤᠨ ᠲᠦᠩᠯᠢᠶᠣᠤ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠬᠥᠭᠵᠢᠯᠲᠡ ᠶᠢᠨ ᠪᠠᠶᠢᠳᠠᠯ ᠢ ᠲᠣᠳᠣᠷᠬᠠᠶ ᠲᠠᠨᠢᠵᠤ᠂ ᠢᠲᠡᠭᠡᠯ | ᠵᠣᠷᠢᠭ ᠢᠶᠠᠨ ᠦᠨᠡᠨ ᠬᠦ ᠪᠠᠲᠤᠳᠬᠠᠵᠤ᠂ ᠬᠥᠭᠵᠢᠯᠲᠡ ᠶᠢᠨ ᠵᠥᠷᠢᠶ᠎ᠡ ᠶᠢ ᠬᠢᠨᠠᠨ ᠦᠵᠡᠵᠦ᠂ ᠲᠠᠷᠢᠬᠢ ᠲᠣᠯᠣᠭᠠᠢ ᠪᠠᠨ | ᠦᠷᠭᠦᠯᠵᠢᠯᠡᠨ ᠰᠡᠷᠭᠡᠭ ᠪᠠᠶᠢᠯᠭᠠᠵᠤ᠂ ᠣᠳᠣᠬᠠᠨ ᠤ ᠠᠵᠢᠯ ᠤᠨ ᠳᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠪᠠ | ᠥᠷᠢᠰᠥᠯᠳᠦᠭᠡᠨ ᠢ ᠭᠦᠢᠴᠡᠳ ᠲᠠᠨᠢᠵᠤ᠂ ᠠᠯᠢᠪᠠ ᠠᠰᠢᠭᠲᠠᠢ ᠴᠠᠭ ᠲᠣᠬᠢᠶᠠᠯ ᠢ ᠠᠳᠬᠤᠵᠤ᠂ ᠠᠯᠢᠪᠠ ᠲᠦᠷᠦ ᠶᠢᠨ | ᠪᠤᠳᠤᠯᠭ᠎ᠠ ᠶᠢᠨ ᠨᠥᠬᠦᠴᠡᠯ ᠢ ᠰᠠᠶᠢᠲᠤᠷ ᠬᠡᠷᠡᠭᠯᠡᠵᠦ᠂ ᠠᠯᠢᠪᠠ ᠳᠠᠯᠳᠠ ᠬᠦᠴᠦᠨ ᠤ ᠡᠬᠢ ᠪᠠᠶᠠᠯᠢᠭ ᠢ ᠠᠭᠤᠳᠠᠯᠵᠤ᠂ | ᠲᠦᠩᠯᠢᠶᠣᠤ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠮ ᠢ ᠨᠡᠩ ᠰᠠᠶᠢᠲᠤᠷ ᠠᠯᠬᠤᠵᠤ᠂ | ᠨᠡᠩ ᠤᠯᠠᠨ ᠰᠢᠪᠲᠤᠯᠤᠯᠲᠠ ᠶᠢ ᠪᠦᠷᠢᠯᠳᠦᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠪᠥᠬᠦᠳᠡ ᠬᠤᠷᠠᠯ ᠳᠡᠭᠡᠷ᠎ᠡ᠂ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠶᠢᠨ ᠶᠡᠷᠦᠩᠬᠡᠶ | ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ | ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠨᠡ ᠵᠢᠯ ᠤᠨ ᠠᠵᠤ ᠠᠬᠤᠶ ᠶᠢᠨ | ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠤᠶᠠᠷ | ᠶᠡᠭᠡ ᠶᠠᠪᠤᠳᠠᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ | ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠬᠦᠴᠢᠷᠳᠡᠯ ᠢ ᠪᠥᠬᠦ | ᠲᠠᠯ᠎ᠠ ᠪᠠᠷ ᠰᠢᠪᠲᠤᠯᠵᠤ᠂ ᠴᠢᠨᠠᠷ ᠰᠠᠶᠢᠲᠠᠶ ᠳᠠᠪᠠᠯᠲᠠ ᠲᠠᠢ ᠨᠡᠬᠡᠯᠲᠡ︾ ᠶᠢᠨ ᠠᠵᠢᠯ ᠤᠨ ᠬᠠᠷᠠᠯᠲᠠ ᠳᠤ ᠨᠢᠭᠲᠠ | ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠦᠴᠦᠨ ᠢᠶᠠᠷ ᠢᠶᠠᠨ ᠠᠵᠤ ᠠᠬᠤᠶ ᠶᠢ ᠰᠢᠮᠳᠠᠭᠤᠯᠵᠤ᠂ ᠠᠵᠢᠯᠯᠠᠬᠤ ᠶᠢ | ᠲᠡᠷᠢᠭᠦᠨ ᠳᠤ ᠲᠠᠯᠪᠢᠨ ᠬᠥᠭᠵᠢᠯᠲᠡ ᠶᠢ ᠠᠳᠬᠤᠵᠤ᠂ ᠣᠳᠣᠬᠢᠴᠢᠯᠠᠭᠰᠠᠨ ᠲᠦᠩᠯᠢᠶᠣᠤ ᠶᠢᠨ ᠪᠥᠲᠥᠭᠡᠨ | ᠪᠠᠶᠢᠭᠤᠯᠤᠯᠲᠠ ᠶᠢᠨ ᠪᠣᠳᠠᠰ ᠤᠨ ᠰᠠᠭᠤᠷᠢ ᠶᠢ ᠴᠥᠬᠦᠷᠡᠰᠢ ᠥᠬᠡᠶ ᠪᠠᠬᠢᠵᠢᠭᠦᠯᠵᠦ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠬᠦ ᠶᠢ ᠦᠨᠡᠨ ᠬᠦ ᠪᠠᠲᠤᠯᠠᠵᠤ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠦᠩᠯᠢᠶᠣᠤ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠨ᠎ᠡ ᠭᠡᠵᠦ ᠵᠢᠭᠠᠵᠤ ᠭᠠᠷᠭᠠᠪᠠ᠃ | ᠪᠥᠬᠦᠳᠡ ᠬᠤᠷᠠᠯ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠨᠡ ᠵᠢᠯ ᠤᠨ ᠠᠵᠤ | ᠠᠬᠤᠶ ᠶᠢᠨ ᠠᠵᠢᠯ ᠤᠨ ᠲᠤᠬᠠᠶ ᠭᠤᠤᠯᠳᠠᠯᠭ᠎ᠠ ᠲᠠᠢ ᠪᠠᠶᠢᠷᠢᠯᠠᠭᠤᠯᠤᠯᠲᠠ ᠯᠤᠭ᠎ᠠ ᠨᠢᠭᠲᠠ ᠤᠶᠠᠯᠳᠤᠭᠤᠯᠤᠨ᠂ | ᠲᠦᠩᠯᠢᠶᠣᠤ ᠶᠢᠨ ᠨᠠᠶᠢᠳᠠᠪᠤᠷᠢᠵᠢᠭᠤᠯᠬᠤ ᠴᠢᠬᠤᠯᠠᠲᠠᠢ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠪᠠ᠃ ᠪᠥᠬᠦᠳᠡ | ᠬᠤᠷᠠᠯ ᠳᠡᠭᠡᠷ᠎ᠡ᠂ ︽ᠲᠠᠪᠤᠨ ᠶᠡᠭᠡ ᠡᠭᠦᠷᠭᠡ︾ ᠪᠣᠯ ᠪᠥᠬᠦ ᠲᠠᠯ᠎ᠠ ᠶᠢᠨ ᠠᠵᠢᠯ ᠢ ᠰᠠᠶᠢᠲᠤᠷ ᠬᠢᠬᠦ ᠶᠢᠨ ᠶᠡᠷᠦᠩᠬᠡᠶᠢᠯᠡᠨ | ᠵᠢᠯᠣᠭᠤᠳᠬᠤ ᠴᠢᠨᠠᠷᠲᠠᠶ ᠱᠠᠭᠠᠷᠳᠠᠯᠭ᠎ᠠ ᠪᠠ ᠵᠠᠩᠭᠢᠯᠠᠭ᠎ᠠ ᠶᠢᠨ ᠴᠢᠨᠠᠷᠲᠠᠶ ᠭᠠᠷᠳᠠᠴᠠ ᠮᠥᠨ᠂ ᠳᠠᠪᠠᠭᠤᠯᠢᠭ ᠢᠶᠠᠨ | ᠪᠠᠳᠠᠷᠠᠭᠤᠯᠬᠤ᠂ ᠬᠢᠯᠠᠰ ᠴᠡᠭ ᠢ ᠠᠳᠬᠤᠬᠤ ᠶᠢ ᠪᠠᠷᠢᠮᠲᠠᠯᠠᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ | ᠨᠥᠬᠦᠪᠥᠷᠢᠯᠡᠵᠦ᠂ ᠬᠠᠮᠤᠭ ᠤᠨ ᠶᠡᠭᠡ ᠴᠢᠷᠮᠠᠶᠢᠯᠭ᠎ᠠ ᠪᠠᠷ ᠰᠢᠪᠲᠤᠯᠤᠯᠲᠠ ᠭᠠᠷᠭᠠᠵᠤ᠂ ᠲᠡᠷᠢᠭᠦᠨ ᠳᠤ ᠣᠷᠣᠬᠤ ᠪᠠᠷ | ᠴᠢᠷᠮᠠᠶᠢᠬᠤ ᠬᠡᠷᠡᠭᠲᠡᠶ ᠭᠡᠪᠡ᠃ ᠪᠥᠬᠦᠳᠡ ᠬᠤᠷᠠᠯ ᠳᠡᠭᠡᠷ᠎ᠡ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ | ᠠᠬᠢᠭᠤᠯᠬᠤ ᠨᠢ ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠪᠠ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠤ ᠲᠤᠯᠭᠠᠭᠤᠷᠢᠯᠠᠬᠤ ᠴᠢᠨᠠᠷᠲᠠᠶ᠂ ᠬᠥᠲᠥᠯᠥᠨ ᠵᠢᠯᠣᠭᠤᠳᠬᠤ ᠴᠢᠨᠠᠷᠲᠠᠶ᠂ ᠬᠥᠰᠢᠭᠦᠷᠢᠲᠦ ᠴᠢᠨᠠᠷᠲᠠᠶ | ᠦᠢᠯᠡᠳᠦᠯ ᠦᠵᠡᠭᠦᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠨᠠᠷᠢᠨ ᠬᠢᠨᠠᠮᠠᠭᠠᠶ ᠬᠡᠷᠡᠭᠵᠢᠭᠦᠯᠬᠦ ᠬᠡᠷᠡᠭᠲᠡᠶ ᠭᠡᠵᠦ | ᠵᠢᠭᠠᠵᠤ ᠭᠠᠷᠭᠠᠪᠠ᠃ ᠪᠦᠬᠦᠳᠡ ᠬᠤᠷᠠᠯ ᠳᠡᠭᠡᠷ᠎ᠡ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ | ᠥᠷᠨᠢᠭᠦᠯᠬᠦ ᠪᠣᠯ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠳᠤᠷᠠᠳᠤᠭᠰᠠᠨ ᠰᠢᠨ᠎ᠡ ᠡᠭᠦᠷᠭᠡ ᠪᠣᠯᠤᠨ᠎ᠠ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠥᠪᠡᠷᠲᠡᠭᠡᠨ ᠵᠠᠰᠠᠬᠤ ᠣᠷᠣᠨ ᠤ ᠠᠵᠢᠯ ᠤᠨ | ᠱᠠᠭᠠᠷᠳᠠᠯᠭ᠎ᠠ ᠶᠢ ᠦᠨᠳᠦᠰᠦᠯᠡᠨ ᠭᠦᠨᠵᠡᠭᠡᠢ ᠰᠤᠳᠤᠯᠵᠤ᠂ ᠭᠦᠢᠴᠡᠳ ᠨᠤᠲᠠᠯᠠᠵᠤ᠂ ᠱᠠᠯᠠᠪᠳᠠᠨ ᠬᠥᠳᠡᠯᠦᠯᠴᠡᠵᠦ᠂ | ᠡᠷᠬᠡᠪᠰᠢ ᠦᠨᠡᠨ ᠪᠣᠳᠠᠲᠠᠢ ᠦᠷ᠎ᠡ ᠪᠦᠲᠦᠮᠵᠢ ᠤᠯᠬᠤ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠢ | ᠲᠥᠯᠥᠪᠵᠢᠭᠦᠯᠬᠦ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠲᠦᠷᠦᠯ ᠵᠦᠢᠯ ᠢ ᠲᠥᠰᠦᠪᠯᠡᠬᠦ ᠶᠢ ᠵᠣᠬᠢᠶᠠᠨ | ᠪᠠᠶᠢᠭᠤᠯᠤᠨ ᠠᠬᠢᠭᠤᠯᠬᠤ ᠶᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠠᠵᠤ ᠦᠢᠯᠡᠰ ᠢ ᠪᠤᠶᠢᠵᠢᠭᠤᠯᠬᠤ ᠶᠢ | ᠲᠤᠪᠤᠶᠢᠯᠭᠠᠨ ᠤᠬᠠᠭᠠᠯᠠᠬᠤ ᠶᠢ ᠠᠳᠬᠤᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠥᠷᠭᠡᠳᠬᠡᠬᠦ ᠳᠤ | ᠴᠢᠭᠯᠡᠭᠦᠯᠦᠨ ᠤᠬᠠᠭᠠᠯᠠᠬᠤ ᠶᠢ ᠠᠳᠬᠤᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠳᠤ ᠴᠢᠭᠯᠡᠭᠦᠯᠦᠨ | ᠤᠬᠠᠭᠠᠯᠠᠬᠤ ᠶᠢ ᠠᠳᠬᠤᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠬᠤ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ | ᠪᠠᠲᠤᠯᠠᠭ᠎ᠠ ᠶᠢ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠢ | ᠳᠡᠮᠵᠢᠬᠦ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠥᠷᠨᠢᠭᠦᠯᠵᠦ᠂ ᠠᠵᠤ ᠠᠬᠤᠢ ᠶᠢᠨ ᠬᠥᠭᠵᠢᠯᠲᠡ ᠶᠢᠨ | ᠰᠢᠯᠢᠳᠡᠭ ᠰᠠᠶᠢᠨ ᠣᠷᠴᠢᠨ ᠲᠣᠭᠤᠷᠢᠨ ᠢ ᠴᠢᠨᠠᠭᠰᠢᠳᠠ ᠪᠤᠢ ᠪᠣᠯᠭᠠᠬᠤ ᠬᠡᠷᠡᠭᠲᠡᠢ᠃ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠪᠠᠷ ᠵᠢᠯᠣᠭᠤᠳᠤᠮᠵᠢ ᠪᠣᠯᠭᠠᠵᠤ᠂ ᠠᠵᠤ ᠦᠢᠯᠡᠰ ᠢ ᠪᠤᠶᠢᠵᠢᠭᠤᠯᠤᠨ ᠠᠵᠢᠯ ᠣᠯᠭᠤᠬᠤ | ᠪᠠᠭᠲᠠᠭᠠᠮᠵᠢ ᠶᠢ ᠥᠷᠭᠡᠳᠬᠡᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠵᠤ ᠠᠵᠢᠯ ᠣᠯᠭᠤᠬᠤ ᠦᠢᠯᠡᠴᠢᠯᠡᠭᠡ ᠶᠢ | ᠰᠠᠶᠢᠵᠢᠷᠠᠭᠤᠯᠬᠤ ᠶᠢ ᠠᠳᠬᠤᠵᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠢ ᠠᠳᠬᠤᠨ ᠠᠵᠢᠯ ᠣᠯᠬᠤ ᠴᠢᠳᠠᠪᠤᠷᠢ ᠶᠢ | ᠳᠡᠭᠡᠭᠰᠢᠯᠡᠭᠦᠯᠵᠦ᠂ ᠤᠬᠠᠭᠤᠯᠬᠤ ᠵᠣᠬᠢᠶᠠᠨ ᠪᠠᠶᠢᠭᠤᠯᠤᠯᠲᠠ ᠶᠢ ᠠᠳᠬᠤᠨ ᠲᠤᠰ ᠭᠠᠵᠠᠷ ᠣᠷᠣᠨ ᠳᠤᠨᠢ ᠠᠵᠢᠯ | ᠣᠯᠭᠤᠯᠬᠤ ᠶᠢ ᠠᠬᠢᠭᠤᠯᠵᠤ᠂ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠤᠨ ᠠᠰᠠᠭᠤᠳᠠᠯ ᠢ | ᠬᠦᠴᠦᠯᠡᠨ ᠰᠢᠢᠳᠪᠦᠷᠢᠯᠡᠬᠦ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ | ᠲᠠᠷᠢᠶᠠᠯᠠᠩ ᠤᠨ ᠤᠰᠤ ᠠᠷᠪᠢᠯᠠᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠤᠰᠤ ᠬᠡᠷᠡᠭᠯᠡᠬᠦ ᠬᠢᠵᠠᠭᠠᠷᠯᠠᠯ ᠢ | ᠴᠢᠩᠭᠠᠳᠬᠠᠵᠤ᠂ ᠤᠰᠤ ᠠᠪᠴᠤ ᠤᠰᠤ ᠬᠡᠷᠡᠭᠯᠡᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠪᠦᠬᠦ | ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠨᠥᠯᠥᠭᠡᠯᠡᠬᠦ ᠦᠨᠳᠦᠰᠦᠨ ᠴᠢᠨᠠᠷᠲᠠᠢ | ᠠᠰᠠᠭᠤᠳᠠᠯ ᠢ ᠲᠦᠷᠭᠡᠳᠬᠡᠨ ᠰᠢᠢᠳᠪᠦᠷᠢᠯᠡᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠪᠡᠭᠡᠵᠢᠩ ᠥᠪᠥᠷ ᠮᠣᠩᠭᠤᠯ ᠤᠨ ᠪᠦᠬᠦ ᠲᠠᠯ᠎ᠠ ᠶᠢᠨ | ᠬᠠᠮᠲᠤᠷᠠᠯᠴᠠᠭᠠᠨ ᠤ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ | ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ | ᠣᠷᠣᠨ ᠳᠤ ᠬᠠᠨᠳᠤᠭᠤᠯᠤᠭᠰᠠᠨ ᠬᠤᠳᠠᠯᠳᠤᠭᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ | ᠱᠠᠲᠤᠯᠢᠭ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠨᠡᠬᠡᠬᠡᠯᠳᠡ ᠶᠢ ᠥᠷᠭᠡᠳᠬᠡᠬᠦ ᠬᠠᠮᠲᠤᠷᠠᠯᠴᠠᠭᠠᠨ ᠤ | ᠰᠢᠨ᠎ᠡ ᠥᠨᠳᠦᠷᠯᠢᠭ ᠢ ᠪᠠᠶᠢᠭᠤᠯᠬᠤ ᠬᠡᠷᠡᠭᠲᠡᠢ᠃ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ︽ᠰᠢᠨ᠎ᠡ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠬᠦ᠂ | ᠬᠠᠮᠲᠤ ᠶᠢᠨ ᠴᠣᠭᠴᠠ ᠶᠢᠨ ᠤᠬᠠᠮᠰᠠᠷ ᠢ ᠡᠵᠡᠮᠳᠡᠬᠦ᠂ ᠥᠪᠥᠷ ᠮᠣᠩᠭᠤᠯ ᠤᠨ ᠴᠤᠭ ᠵᠠᠯᠢ ᠶᠢ ᠢᠯᠡᠷᠡᠭᠦᠯᠬᠦ᠂ ᠪᠠᠷᠠᠭᠤᠨ | ᠯᠢᠶᠣᠤ ᠾᠧ ᠭᠤᠤᠯ ᠤᠨ ᠪᠣᠯᠪᠠᠰᠤᠨ ᠢ ᠴᠤᠤᠷᠢᠶᠠᠲᠤᠭᠤᠯᠬᠤ᠂ ᠬᠤᠷᠴᠢᠨ ᠤ ᠠᠭᠤᠯᠤᠭᠳᠠᠬᠤᠨ ᠢ ᠠᠭᠤᠳᠠᠯᠵᠤ᠂ | ᠲᠣᠭᠠᠴᠢᠯᠠᠯᠲᠠ ᠪᠠᠷ ᠴᠢᠳᠠᠪᠤᠷᠢ ᠣᠯᠭᠤᠬᠤ ᠶᠢ ᠠᠬᠢᠭᠤᠯᠬᠤ︾ ᠵᠡᠷᠭᠡ ᠵᠢᠷᠭᠤᠭᠠᠨ ᠲᠠᠯ᠎ᠠ ᠠᠴᠠ ᠠᠵᠢᠯ ᠢᠶᠠᠨ | ᠰᠠᠶᠢᠲᠤᠷ ᠬᠢᠵᠦ᠂ ᠰᠣᠳᠣᠨ ᠪᠦᠲᠦᠭᠡᠯ ᠭᠠᠷᠭᠠᠵᠤ᠂ ᠠᠵᠢᠯ ᠤᠨ ᠠᠭᠤᠰᠤᠯᠴᠠᠯ ᠢ ᠠᠬᠢᠭᠤᠯᠵᠤ᠂ ᠤᠳᠬ᠎ᠠ ᠤᠷᠠᠯᠢᠭ | ᠰᠣᠶᠣᠯ ᠤᠨ ᠠᠵᠢᠯ ᠤᠨ ᠰᠢᠨ᠎ᠡ ᠳᠦᠷᠰᠦ ᠪᠠᠶᠢᠳᠠᠯ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | ᠪᠥᠬᠦᠳᠡ ᠬᠤᠷᠠᠯ ᠳᠡᠭᠡᠷ᠎ᠡ᠂ ᠡᠨᠡ ᠵᠢᠯ ᠤᠨ ᠠᠵᠤ ᠠᠬᠤᠶ ᠶᠢᠨ ᠠᠵᠢᠯ ᠤᠨ ᠡᠭᠦᠷᠭᠡ ᠬᠠᠲᠠᠭᠤ ᠪᠡᠷᠬᠡ ᠪᠥᠭᠡᠳ | ᠨᠦᠰᠡᠷ ᠬᠦᠨᠳᠦ ᠪᠠᠶᠢᠨ᠎ᠠ᠂ ᠡᠯ᠎ᠡ ᠵᠦᠢᠯ ᠤᠨ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠬᠦ ᠳᠤ ᠡᠯ᠎ᠡ | ᠲᠠᠯ᠎ᠠ ᠶᠢᠨ ᠬᠢᠨ ᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠬᠡᠷᠡᠭᠲᠡᠶ᠃ ᠪᠥᠬᠦ ᠬᠤᠲᠠ ᠪᠠᠷ ᠢᠶᠠᠨ ᠴᠥᠮ ᠴᠤᠭ | ᠵᠠᠯᠢ ᠪᠠᠨ ᠪᠠᠳᠠᠷᠠᠭᠤᠯᠵᠤ᠂ ᠡᠷᠴᠢ ᠵᠣᠷᠢᠭ ᠢᠶᠠᠨ ᠬᠥᠪᠴᠢᠯᠡᠵᠦ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠴᠦᠰ ᠤᠨ ᠵᠢᠯ ᠳᠤ | ᠴᠢᠨᠠᠷ ᠰᠠᠶᠢᠲᠠᠶ ᠬᠥᠭᠵᠢᠯᠲᠡ ᠢᠯᠡᠳᠲᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ | ᠭᠠᠷᠭᠠᠪᠠ᠃ | ᠪᠦᠬᠦᠳᠡ ᠬᠤᠷᠠᠯ ᠳᠡᠭᠡᠷ᠎ᠡ᠂ ᠡᠷᠡᠰ ᠬᠠᠳᠠᠨ ᠵᠣᠷᠢᠭ ᠢᠶᠠᠷ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ | ᠬᠡᠷᠡᠭᠲᠡᠢ᠃ ︽ᠲᠥᠷᠥᠯ ᠵᠦᠢᠯ ᠢᠶᠠᠷ ᠭᠤᠣᠯᠯᠠᠵᠤ᠂ ᠬᠤᠳᠠᠯᠳᠤᠭᠠᠴᠢᠨ ᠤᠷᠢᠬᠤ ᠶᠢ ᠴᠢᠬᠤᠯᠠᠴᠢᠯᠠᠬᠤ︾ ᠪᠠᠶᠢᠯᠳᠤᠬᠤ | ᠪᠣᠳᠣᠯᠭ᠎ᠠ ᠶᠢᠨ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠶᠡᠭᠡ ᠬᠦᠴᠦᠷᠬᠡᠭ ᠢ | ᠡᠯᠰᠡᠵᠦ᠂ ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ︾ | ᠤ ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢ ᠮᠥᠩᠭᠦ ᠪᠠᠷ ᠬᠤᠳᠠᠯᠳᠤᠭᠠᠴᠢᠨ ᠤᠷᠢᠬᠤ᠂ ᠬᠦᠷᠢᠶᠡᠯᠡᠩ | ᠲᠣᠭᠤᠷᠢᠭ ᠲᠤ ᠬᠤᠳᠠᠯᠳᠤᠭᠠᠴᠢᠨ ᠤᠷᠢᠬᠤ᠂ ᠬᠡᠯᠬᠢᠶ᠎ᠡ ᠶᠢᠨ ᠵᠠᠩᠭᠢᠯᠠᠭ᠎ᠠ ᠶᠢᠨ ᠬᠤᠳᠠᠯᠳᠤᠭᠠᠴᠢᠨ ᠢ ᠤᠷᠢᠬᠤ᠂ ᠠᠵᠤ | ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠵᠡᠷᠭᠡ ᠪᠦᠲᠦᠮᠵᠢᠲᠡᠶ ᠠᠷᠭ᠎ᠠ ᠶᠢ ᠳ᠋ᠦᠩᠨᠡᠨ ᠳᠡᠯᠭᠡᠷᠡᠭᠦᠯᠵᠦ᠂ | ᠪᠣᠬᠢᠷᠲᠤᠯ ᠥᠬᠡᠶ ᠡᠨᠧᠷᠭᠢ ᠬᠢᠭᠡᠳ ᠠᠵᠤ ᠦᠢᠯᠡᠰ ᠢ ᠬᠠᠮᠵᠢᠯᠴᠠᠨ ᠨᠡᠭᠡᠭᠡᠨ ᠬᠥᠭᠵᠢᠭᠦᠯᠬᠦ ᠶᠢ ᠦᠷᠭᠦᠯᠵᠢᠯᠡᠨ | ᠴᠢᠩᠭ᠎ᠠ ᠠᠩᠬᠠᠷᠴᠤ᠂ ᠪᠣᠬᠢᠷᠲᠤᠯ ᠥᠬᠡᠶ ᠴᠠᠬᠢᠯᠭᠠᠨ ᠤ ᠳᠠᠪᠠᠭᠤᠯᠢᠭ ᠢ ᠭᠦᠢᠴᠡᠳ ᠠᠰᠢᠭᠯᠠᠨ ᠠᠵᠤ ᠦᠢᠯᠡᠰ ᠢ | ᠵᠣᠯᠭᠠᠭᠤᠯᠬᠤ ᠠᠯᠬᠤᠴᠠ ᠪᠠᠨ ᠲᠦᠷᠭᠡᠳᠬᠡᠬᠦ ᠬᠡᠷᠡᠭᠲᠡᠢ᠃ ᠠᠵᠠ ᠲᠣᠬᠢᠶᠠᠯ ᠢ ᠠᠮᠵᠢᠨ ᠪᠡᠯᠡ ᠮᠥᠩᠭᠦ ᠲᠡᠮᠡᠴᠡᠨ | ᠣᠯᠵᠤ ᠲᠦᠷᠦᠯ ᠵᠦᠢᠯ ᠲᠣᠭᠲᠠᠭᠠᠵᠤ᠂ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠴᠢᠬᠤᠯᠠ | ᠶᠡᠭᠡ ᠲᠦᠷᠦᠯ ᠵᠦᠢᠯ ᠤᠨ ᠲᠦᠷᠢᠮ ᠲᠣᠭᠲᠠᠭᠠᠯ᠂ ᠨᠥᠭᠡᠴᠡᠯᠡᠯ᠂ ᠪᠡᠯᠡ ᠮᠥᠩᠭᠦ ᠶᠢ ᠲᠡᠮᠡᠴᠡᠨ ᠤᠯᠬᠤ ᠠᠵᠢᠯ ᠢ | ᠰᠠᠶᠢᠲᠤᠷ ᠬᠢᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠬᠤᠷᠠᠮᠳᠤᠭᠤᠯᠤᠯ ᠢᠶᠠᠷ ᠴᠢᠨᠠᠷ ᠰᠠᠶᠢᠲᠠᠢ | ᠳᠠᠪᠠᠯᠲᠠ ᠲᠠᠢ ᠬᠥᠭᠵᠢᠯᠲᠡ ᠳᠤ ᠨᠡᠩ ᠴᠢᠩᠭ᠎ᠠ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | ᠪᠥᠬᠦᠳᠡ ᠬᠤᠷᠠᠯ ᠳᠡᠭᠡᠷ᠎ᠡ᠂ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠨᠡᠶᠢᠭᠡᠮ ᠤᠨ ᠬᠡᠷᠡᠭᠯᠡᠭᠡ ᠶᠢ | ᠴᠢᠩᠭᠠᠷᠠᠭᠤᠯᠬᠤ ᠬᠡᠷᠡᠭᠲᠡᠶ᠃ ᠣᠯᠠᠨ ᠡᠰᠢᠵᠢᠭᠰᠡᠨ ᠬᠡᠷᠡᠭᠯᠡᠭᠡᠨ ᠤ ᠪᠠᠶᠢᠳᠠᠯ ᠢ ᠢᠳᠡᠪᠬᠢᠲᠡᠶ ᠡᠭᠦᠳᠴᠦ᠂ | ᠰᠦᠯᠵᠢᠶᠡᠨ ᠤ ᠬᠤᠳᠠᠯᠳᠤᠭᠠᠨ ᠤ ᠰᠠᠭᠤᠷᠢᠨ ᠭᠠᠵᠠᠷ ᠢ ᠪᠤᠶᠢᠵᠢᠭᠤᠯᠤᠨ ᠪᠠᠶᠢᠭᠤᠯᠵᠤ᠂ ᠤᠯᠠᠮᠵᠢᠯᠠᠯᠲᠤ ᠠᠷᠠᠯᠵᠢᠶ᠎ᠠ | ᠬᠤᠳᠠᠯᠳᠤᠭᠠᠨ ᠤ ᠭᠤᠤᠯ ᠴᠣᠭᠴᠠ ᠶᠢᠨ ᠬᠡᠪᠴᠢᠶ᠎ᠡ ᠶᠢ ᠥᠷᠭᠡᠳᠬᠡᠨ᠂ ᠵᠢᠭᠤᠯᠴᠢᠯᠠᠯ ᠤᠨ ᠦᠢᠯᠡᠴᠢᠯᠡᠭᠡᠨ ᠤ | ᠬᠠᠩᠭᠠᠯᠭ᠎ᠠ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠳᠡᠮᠵᠢᠬᠦ ᠬᠡᠷᠡᠭᠲᠡᠢ᠃ ᠡᠯ᠎ᠡ | ᠲᠥᠷᠥᠯ ᠤᠨ ᠬᠡᠷᠡᠭᠯᠡᠭᠡᠨ ᠤ ᠠᠵᠢᠯᠯᠠᠭ᠎ᠠ ᠶᠢ ᠠᠭᠤᠰᠤᠯᠴᠠᠭᠤᠯᠤᠨ ᠬᠠᠮᠲᠤᠷᠠᠯᠴᠠᠬᠤ ᠶᠢ ᠠᠬᠢᠭᠤᠯᠵᠤ᠂ ︽ᠲᠦᠩᠯᠢᠶᠣᠣ | ᠳᠠᠬᠢ ᠲᠠᠭᠠᠯᠠᠮᠵᠢᠲᠠᠢ ᠬᠡᠷᠡᠭᠯᠡᠭᠡ︾ ᠶᠢᠨ ᠨᠠᠷᠠᠲᠤ ᠱᠣᠰᠢᠭ᠎ᠠ ᠶᠢ ᠪᠣᠶ ᠪᠣᠯᠭᠠᠬᠤ ᠶᠢᠨ ᠲᠣᠭᠤᠷᠢᠨ ᠳᠤ᠂ ᠠᠵᠢᠯᠯᠠᠭ᠎ᠠ ᠶᠢ | ᠬᠠᠮᠲᠤᠷᠠᠨ ᠡᠷᠭᠢᠯᠡᠬᠦ᠂ ᠠᠬᠤᠶ ᠪᠠᠶᠢᠳᠠᠯ ᠢ ᠬᠠᠮᠲᠤᠷᠠᠨ ᠪᠠᠶᠢᠭᠤᠯᠬᠤ᠂ ᠬᠡᠷᠡᠭᠯᠡᠭᠡ ᠶᠢᠨ ᠬᠤᠯᠪᠣᠭᠠᠯᠠᠨ | ᠬᠥᠳᠡᠯᠦᠯᠴᠡᠬᠦ ᠶᠢ ᠢᠳᠡᠪᠬᠢᠲᠡᠶ ᠠᠬᠢᠭᠤᠯᠵᠤ᠂ ᠶᠡᠭᠡ ᠬᠡᠪᠴᠢᠶ᠎ᠡ᠂ ᠣᠯᠠᠨ ᠬᠦᠷᠢᠶ᠎ᠡ᠂ ᠥᠨᠳᠥᠷ ᠳᠠᠪᠲᠠᠮᠵᠢᠲᠤ | ᠬᠡᠷᠡᠭᠯᠡᠭᠡᠨ ᠤ ᠠᠵᠢᠯᠯᠠᠭ᠎ᠠ ᠪᠠᠷ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ | ᠥᠷᠭᠡᠳᠬᠡᠬᠦ ᠬᠡᠷᠡᠭᠲᠡᠶ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠯᠠᠨ ᠡᠰᠢᠵᠢᠭᠰᠡᠨ | ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠰᠠᠭᠤᠭᠠᠯᠢ ᠠᠷᠠᠳ ᠤᠨ ᠡᠷᠡᠭᠦᠯᠵᠢᠯ ᠰᠤᠪᠢᠯᠠᠯᠲᠠ᠂ ᠬᠡᠤᠬᠡᠳ | ᠰᠠᠭᠠᠲᠠᠭᠤᠯᠬᠤ᠂ ᠬᠡᠷ ᠤᠨ ᠶᠠᠪᠤᠳᠠᠯ ᠵᠡᠷᠭᠡ ᠲᠠᠯ᠎ᠠ ᠶᠢᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ | ᠬᠠᠩᠭᠠᠵᠤ᠂ ᠰᠢᠨ᠎ᠡ ᠬᠡᠯᠪᠡᠷᠢ ᠶᠢᠨ ᠬᠡᠷᠡᠭᠯᠡᠭᠡ ᠶᠢ ᠶᠡᠬᠡᠪᠡᠷ ᠪᠤᠶᠢᠵᠢᠭᠤᠯᠵᠤ᠂ ᠤᠤᠭᠠᠨ ᠠᠵᠤ ᠠᠬᠤᠶ᠂ ᠮᠥᠩᠭᠦᠨ | ᠭᠦᠢᠯᠭᠡᠭᠡᠨ ᠤ ᠠᠵᠤ ᠠᠬᠤᠶ᠂ ᠲᠣᠭᠯᠠᠯᠲᠠ ᠶᠢᠨ ᠠᠵᠤ ᠠᠬᠤᠶ᠂ ᠤᠷᠤᠯᠳᠤᠭᠠᠨ ᠤ ᠠᠵᠤ ᠠᠬᠤᠶ᠂ ᠮᠥᠰᠥ | ᠴᠠᠰᠤᠨ ᠤ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ᠰᠢᠨ᠎ᠡ ᠬᠡᠯᠪᠡᠷᠢ ᠶᠢᠨ ᠬᠠᠮ ᠬᠡᠷᠡᠭᠯᠡᠭᠡᠨ ᠤ | ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠬᠤ ᠬᠡᠷᠡᠭᠲᠡᠶᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠡᠭᠡᠷ᠎ᠡ᠂ ᠴᠢᠩᠭ᠎ᠠ ᠠᠷᠭ᠎ᠠ ᠬᠡᠮᠵᠢᠶ᠎ᠡ ᠪᠠᠷ ᠦᠢᠯᠡᠴᠢᠯᠡᠭᠡᠨ ᠤ ᠦᠢᠯᠡᠰ ᠤᠨ ᠲᠥᠪᠯᠡᠷᠡᠭᠦᠯᠦᠨ | ᠰᠢᠪᠲᠤᠯᠤᠯᠲᠠ ᠭᠠᠷᠭᠠᠬᠤ ᠶᠢ ᠭᠦᠨᠵᠡᠭᠡᠶᠢᠷᠡᠭᠦᠯᠬᠦ ᠬᠡᠷᠡᠭᠲᠡᠶ᠃ ᠭᠤᠣᠯᠯᠠᠬᠤ ᠠᠵᠤ ᠦᠢᠯᠡᠰ ᠤᠨ ᠪᠦᠬᠦ ᠶᠠᠪᠤᠴᠠ ᠪᠠ | ᠭᠤᠣᠯᠳᠠᠯᠭ᠎ᠠ ᠲᠠᠢ ᠭᠤᠣᠯᠯᠠᠭᠴᠢ ᠠᠵᠤ ᠠᠬᠤᠶᠢᠯᠠᠯ ᠤᠨ ᠳᠡᠭᠡᠳᠦ ᠳᠣᠣᠷᠠᠳᠤ ᠤᠷᠤᠰᠬᠠᠯ ᠢ ᠴᠢᠩᠭ᠎ᠠ ᠠᠩᠬᠠᠷᠴᠤ | ᠦᠢᠯᠡᠴᠢᠯᠡᠭᠡᠨ ᠤ ᠬᠡᠯᠪᠡᠷᠢ ᠶᠢᠨ ᠦᠢᠯᠡᠳᠬᠦ ᠦᠢᠯᠡᠰ ᠢ ᠠᠬᠢᠭᠤᠯᠵᠤ᠂ ᠠᠵᠤ ᠦᠢᠯᠡᠳᠪᠦᠷᠢ ᠶᠢᠨ ᠦᠢᠯᠡᠴᠢᠯᠡᠭᠡᠨ ᠤ | ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠦᠨᠡᠨᠬᠦ ᠴᠢᠩᠭᠠᠷᠠᠭᠤᠯᠬᠤ ᠬᠡᠷᠡᠭᠲᠡᠢ᠃ ᠪᠦᠬᠦ ᠨᠡᠶᠢᠭᠡᠮ ᠤᠨ | ᠪᠠᠷᠡᠭᠠᠨ ᠤ ᠬᠦᠢᠯᠬᠡᠬᠡᠡ ᠤ ᠦᠪᠡᠷ ᠤᠨ ᠦᠷᠲᠡᠭ ᠢ ᠪᠠᠭᠤᠷᠡᠭᠤᠯᠬᠤ ᠲᠣᠰᠬᠠᠢ ᠠᠵᠢᠯᠯᠠᠭ᠎ᠠ ᠶᠢ ᠭᠡᠷᠡᠭᠵᠢᠬᠦᠯᠵᠦ᠂ | ᠪᠠᠷᠡᠭᠠᠨ ᠤ ᠬᠦᠢᠯᠬᠡᠬᠡᠡ ᠤ ᠳᠡᠪᠴᠠᠩ ᠠᠵᠦ ᠠᠬᠤᠶᠢᠯᠠᠯ ᠤᠨ ᠡᠵᠡᠩᠨᠡᠯᠳᠡ ᠶᠢ ᠰᠠᠶᠢᠵᠢᠷᠡᠭᠤᠯᠥᠨ᠂ ᠪᠠᠷᠡᠭᠠᠨ ᠤ | ᠬᠦᠢᠯᠬᠡᠬᠡᠡ ᠤ ᠦᠢᠯᠡᠴᠢᠯᠡᠬᠡᠨ ᠤ ᠵᠤᠬᠢᠶᠡᠨ ᠪᠠᠶᠢᠭᠤᠯᠥᠯᠳᠡᠵᠢᠯᠳᠡ᠂ ᠲᠣᠰ ᠭᠠᠵᠡᠷ ᠣᠷᠣᠨ ᠤ ᠬᠢ ᠪᠣᠯᠭᠠᠬᠤ ᠬᠢᠷᠢ | ᠭᠡᠮᠵᠢᠶ᠎ᠠ ᠶᠢ ᠳᠥᠷᠭᠡᠳᠭᠡᠨ ᠳᠡᠭᠡᠭᠰᠢᠯᠡᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠡᠬᠢ ᠪᠠᠶᠠᠯᠢᠭ ᠢᠶᠠᠷ ᠭᠤᠤᠯᠯᠠᠬᠤ | ᠠᠵᠤ ᠦᠢᠯᠡᠰ᠂ ᠪᠣᠳᠠᠲᠤ ᠴᠣᠭᠴᠠ ᠶᠢᠨ ᠠᠵᠤ ᠠᠬᠤᠶ ᠳᠤ ᠴᠢᠳᠠᠪᠤᠷᠢ ᠣᠯᠭᠤᠬᠤ ᠶᠢ ᠠᠬᠢᠭᠤᠯᠵᠤ᠂ ᠰᠢᠭᠤᠳ | ᠪᠡᠯᠡ ᠲᠤᠬᠢᠷᠠᠭᠤᠯᠭ᠎ᠠ ᠶᠢ ᠨᠡᠭᠡᠭᠡᠨ ᠬᠥᠭᠵᠢᠭᠦᠯᠬᠦ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠣᠶᠢᠷ᠎ᠠ ᠶᠢᠨ | ᠵᠢᠯ ᠤᠨ ᠲᠤᠷᠰᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠳᠡᠶᠢᠯᠦᠭᠡᠳᠦᠢ ᠪᠠᠶᠢᠬᠤ ᠬᠤᠭᠤᠰᠤᠨ ᠢ | ᠨᠥᠬᠦᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠣᠭᠠᠴᠢᠯᠠᠭᠰᠠᠨ ᠤᠶᠤᠨᠴᠢᠯᠠᠭᠰᠠᠨ ᠥᠭᠡᠷᠡᠴᠢᠯᠡᠯᠲᠡ᠂ ᠪᠣᠬᠢᠷᠲᠤᠯ | ᠦᠭᠡᠢ ᠪᠤᠳᠤᠬᠤ ᠬᠦᠴᠦᠨ᠂ ᠳᠣᠣᠷ᠎ᠠ ᠠᠭᠠᠷ ᠤᠨ ᠠᠵᠤ ᠠᠬᠤᠢ ᠵᠡᠷᠭᠡ ᠬᠡᠷᠡᠭᠯᠡᠭᠡᠨ ᠤ ᠪᠠᠶᠢᠳᠠᠯ ᠳᠤ ᠲᠦᠰᠢᠭᠯᠡᠨ᠂ | ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠢ ᠪᠣᠶᠢᠵᠢᠭᠤᠯᠬᠤ ᠬᠡᠷᠡᠭᠲᠡᠢ᠃ | ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠭᠡᠷ | ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠤᠭᠤᠯᠤᠯᠲᠠ ᠪᠠ ᠪᠣᠷᠤᠯᠠᠭᠤᠯᠭ᠎ᠠ ᠶᠢᠨ ︽ᠰᠡᠷᠭᠦᠯᠲᠡ︾ ᠶᠢ ᠰᠠᠶᠢᠲᠤᠷ | ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠦᠬᠦᠳᠡ ᠬᠤᠷᠠᠯ ᠳᠡᠭᠡᠷ᠎ᠡ᠂ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠵᠤ ᠪᠠᠶᠢᠭᠠᠳ ᠠᠵᠤ | ᠦᠢᠯᠡᠳᠪᠦᠷᠢ ᠶᠢᠨ ᠬᠦᠴᠢᠷᠳᠡᠯ ᠠᠴᠠ ᠠᠩᠭᠢᠵᠢᠷᠠᠬᠤ ᠵᠢᠠᠬᠢᠭᠤᠯᠬᠤ ᠬᠡᠷᠡᠭᠲᠡᠢ᠃ ᠬᠥᠩᠭᠡᠨᠴᠠᠭᠠᠨ ᠨᠢᠺᠧᠯ | ᠴᠠᠬᠢᠭᠤᠷ ᠤᠨ ᠪᠣᠬᠢᠷᠲᠤᠯ ᠥᠬᠡᠶ ᠰᠢᠨ᠎ᠡ ᠮᠠᠲ᠋ᠧᠷᠢᠶᠠᠯ ᠤᠨ ᠠᠵᠤ ᠦᠶ᠋ᠯᠡᠰ ᠤᠨ ᠭᠤᠤᠯᠳᠠᠯᠭ᠎ᠠ ᠲᠠᠢ ᠲᠥᠷᠥᠯ ᠵᠦᠢᠯ ᠢ | ᠲᠦᠷᠭᠡᠳᠬᠡᠨ ᠪᠥᠲᠥᠭᠡᠨ ᠪᠠᠶᠢᠭᠤᠯᠵᠤ᠂ ᠭᠠᠷᠤᠯᠲᠠ ᠶᠢ ᠲᠣᠭᠲᠠᠪᠤᠷᠢᠵᠢᠭᠤᠯᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠳᠡᠭᠡᠳᠦ ᠲᠠᠰ ᠤᠨ ᠬᠦᠨᠳᠦ ᠬᠡᠯᠪᠡᠷᠢ ᠶᠢᠨ | ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠴᠢᠳᠠᠪᠤᠷᠢ ᠪᠠᠨ ᠥᠷᠭᠡᠳᠬᠡᠬᠦ ᠪᠠ ᠭᠠᠷᠤᠯᠲᠠ ᠪᠠᠨ | ᠨᠡᠮᠡᠭᠳᠡᠭᠦᠯᠬᠦ ᠶᠢ ᠢᠳᠡᠪᠬᠢᠲᠡᠶ ᠠᠬᠢᠭᠤᠯᠵᠤ᠂ ᠴᠠᠬᠢᠯᠭᠠᠨ ᠰᠤᠷᠪᠤᠯᠵᠢ᠂ ᠴᠠᠬᠢᠯᠭᠠᠨ ᠲᠣᠣᠷ᠂ ᠳᠠᠭᠠᠭᠠᠴᠠ᠂ ᠡᠨᠧᠷᠭᠢ | ᠨᠦᠬᠡᠴᠡᠯᠡᠬᠦ ᠶᠢ ᠨᠢᠭᠡ ᠴᠣᠭᠴᠠᠵᠢᠭᠤᠯᠤᠭᠰᠠᠨ ᠢᠵᠢ ᠪᠦᠷᠢᠳᠦᠭᠦᠯᠬᠦ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠦᠨ᠎ᠡ᠃ ᠡᠷᠳᠡᠨᠢ ᠰᠢᠰᠢ ᠶᠢᠨ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ | ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠤᠨ ᠦᠢᠯᠡᠳᠪᠦᠷᠢᠯᠡᠯ ᠢᠶᠠᠨ ᠪᠡᠶᠡᠯᠡᠭᠦᠯᠬᠦ ᠶᠢ ᠦᠨᠡᠨᠬᠦ ᠪᠠᠲᠤᠯᠠᠵᠤ᠂ | ᠲᠦᠭᠦᠬᠡᠶ ᠡᠮ ᠤᠨ ᠮᠠᠲ᠋ᠧᠷᠢᠶᠠᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠬᠡᠯᠪᠡᠯᠵᠡᠯ ᠢ ᠢᠯᠠᠨ ᠳᠠᠪᠠᠵᠤ᠂ | ᠵᠠᠬ᠎ᠠ ᠳᠡᠯᠭᠡᠭᠦᠷ ᠤᠨ ᠬᠤᠪᠢ ᠶᠢᠨ ᠵᠢᠩ ᠶᠢ ᠥᠷᠭᠡᠳᠬᠡᠬᠦ ᠶᠢ ᠬᠥᠲᠥᠯᠦᠨ ᠵᠢᠯᠣᠭᠤᠳᠴᠤ ᠳᠡᠮᠵᠢᠬᠦ ᠬᠡᠷᠡᠭᠲᠡᠢ ᠭᠡᠵᠦ | ᠴᠢᠬᠤᠯᠠᠴᠢᠯᠠᠪᠠ᠃ | ᠪᠥᠬᠦᠳᠡ ᠬᠤᠷᠠᠯ ᠳᠡᠭᠡᠷ᠎ᠡ᠂ ᠶᠡᠷᠦᠩᠬᠡᠶᠢᠯᠡᠭᠰᠡᠨ ᠰᠢᠨ᠎ᠡ ᠶᠢ ᠡᠭᠦᠳᠬᠦ ᠪᠠᠷ ᠮᠠᠯ ᠲᠠᠷᠢᠶᠠᠯᠠᠩ ᠤᠨ ᠠᠵᠤ | ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠶ᠃ ᠡᠷᠳᠡᠨᠢ ᠰᠢᠰᠢ ᠶᠢᠨ | ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠰᠢᠨ᠎ᠡ ᠮᠡᠷᠭᠡᠵᠢᠯ | ᠰᠢᠨ᠎ᠡ ᠵᠠᠭᠪᠤᠷ ᠢ ᠢᠳᠡᠪᠬᠢᠲᠡᠶ ᠳᠡᠯᠭᠡᠷᠡᠭᠦᠯᠦᠨ᠂ ᠨᠡᠶᠢᠭᠡᠮᠴᠢᠯᠡᠭᠰᠡᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ | ᠦᠷᠭᠦᠯᠵᠢᠯᠡᠨ ᠥᠷᠭᠡᠳᠬᠡᠵᠦ᠂ ᠠᠮᠤ ᠪᠤᠳᠠᠭᠠᠨ ᠤ ᠤᠨᠠᠯᠲᠠ ᠶᠢ ᠦᠷᠭᠦᠯᠵᠢᠯᠡᠨ ᠨᠡᠮᠡᠭᠳᠡᠭᠦᠯᠬᠦ ᠶᠢ ᠴᠢᠷᠮᠠᠶᠢᠨ | ᠪᠠᠲᠤᠯᠠᠨ᠎ᠠ᠃ ᠬᠠᠩᠭᠠᠯᠭ᠎ᠠ ᠬᠡᠷᠡᠭᠴᠡᠭᠡ ᠶᠢ ᠨᠢᠭᠡᠳᠦᠯᠲᠡᠶ ᠲᠥᠯᠥᠪᠵᠢᠭᠦᠯᠦᠨ ᠬᠦᠴᠦᠯᠡᠬᠦ ᠪᠠᠷ ᠳᠠᠮᠵᠢᠨ ᠠᠯᠠᠰᠢᠨ | ᠦᠬᠡᠷ ᠤᠨ ᠠᠵᠤ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ︽ᠲᠦᠩᠯᠢᠶᠣᠤ ᠶᠢᠨ ᠠᠯᠠᠰᠢᠨ | ᠦᠬᠡᠷ ᠰᠠᠶᠢᠨ᠂ ᠲᠦᠩᠯᠢᠶᠣᠤ ᠶᠢᠨ ᠰᠠᠶᠢᠨ ᠦᠬᠡᠷ ᠤᠨ ᠮᠢᠬ᠎ᠠ︾ ᠶᠢᠨ ᠨᠠᠷᠠᠲᠤ ᠱᠣᠰᠢᠭ᠎ᠠ ᠶᠢᠨ ᠳᠦᠷᠢ ᠲᠥᠷᠬᠦ ᠶᠢ | ᠲᠥᠪᠯᠡᠷᠡᠭᠦᠯᠦᠨ ᠪᠣᠶ ᠪᠣᠯᠭᠠᠵᠤ᠂ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠪᠠ ᠤᠨᠴᠠᠯᠢᠬᠳᠤ ᠠᠵᠤ ᠦᠢᠯᠡᠰ ᠤᠨ | ᠬᠦᠷᠢᠶᠡᠯᠡᠩ ᠲᠣᠭᠤᠷᠢᠭ ᠢ ᠪᠤᠶᠢᠵᠢᠭᠤᠯᠵᠤ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠮᠡᠷᠭᠡᠵᠢᠯ ᠢ | ᠳᠡᠯᠭᠡᠷᠡᠭᠦᠯᠦᠨ᠂ ᠠᠯᠠᠰᠢᠨ ᠦᠬᠡᠷ ᠤᠨ ᠲᠤᠭ᠎ᠠ ᠬᠡᠪᠴᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠳᠦᠷᠰᠦ ᠶᠢᠨ | ᠰᠦᠷᠦᠭ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠡᠭᠡᠷ᠎ᠡ᠂ ᠰᠢᠰᠲ᠋ᠧᠮ ᠲᠠᠢ ᠵᠠᠰᠠᠯᠲᠠ ᠪᠠᠷ ᠬᠤᠷᠴᠢᠨ ᠤ ᠡᠯᠡᠰᠦᠷᠬᠡᠭ ᠭᠠᠵᠠᠷ ᠢ ᠴᠥᠮ | ᠬᠥᠬᠡᠷᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠠᠭᠤᠯᠠ ᠤᠰᠤᠨ ᠤ ᠢᠨᠵᠧᠨᠧᠷᠢᠩ︾ | ᠪᠣᠯᠤᠨ ᠧᠦ᠋ᠷᠣᠫᠠ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠣᠶᠢᠵᠢᠭᠤᠯᠬᠤ ᠲᠥᠷᠥᠯ | ᠵᠦᠢᠯ ᠤᠨ ᠰᠡᠭᠦᠯᠴᠢ ᠶᠢᠨ ᠠᠵᠢᠯ ᠢ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ ᠪᠥᠲᠥᠭᠡᠨ | ᠪᠠᠶᠢᠭᠤᠯᠤᠯᠲᠠ ᠶᠢᠨ ᠵᠠᠰᠠᠯᠲᠠ ᠶᠢᠨ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠴᠢᠬᠤᠯᠠ ᠶᠡᠭᠡ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠡᠯᠡ ᠮᠥᠩᠭᠦ ᠶᠢᠨ | ᠪᠠᠲᠤᠯᠠᠭ᠎ᠠ᠂ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠨᠢᠭᠡᠳᠦᠯᠲᠡᠶ | ᠲᠥᠯᠥᠪᠯᠡᠬᠦ ᠶᠢ ᠴᠢᠩᠭᠠᠳᠬᠠᠨ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠬᠤᠭᠤᠴᠠᠭ᠎ᠠ ᠶᠣᠰᠣᠭᠠᠷ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠠᠷᠠᠭᠤᠨ ᠯᠢᠶᠣᠣ ᠾᠧ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠰᠡᠷᠭᠦᠯᠲᠡ ᠶᠢ ᠦᠷᠭᠦᠯᠵᠢᠯᠡᠨ ᠠᠬᠢᠭᠤᠯᠵᠤ᠂ ᠪᠠᠷᠠᠭᠤᠨ ᠯᠢᠶᠣᠣ ᠾᠧ ᠭᠤᠣᠯ ᠤᠨ ᠪᠦᠬᠦ ᠢᠶᠠᠷ ᠢᠶᠠᠨ | ᠤᠷᠤᠰᠬᠠᠯ ᠲᠠᠢ ᠪᠣᠯᠬᠤ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ | | ᠪᠥᠬᠦᠳᠡ ᠬᠤᠷᠠᠯ ᠳᠡᠭᠡᠷ᠎ᠡ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ | ᠡᠭᠦᠷᠭᠡ ᠶᠢ ᠪᠡᠶᠡᠯᠡᠭᠦᠯᠬᠦ ᠳᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠡᠷᠬᠡᠪᠰᠢ ᠢᠲᠡᠭᠡᠯ ᠵᠣᠷᠢᠭ ᠢᠶᠠᠨ | ᠴᠢᠩᠭᠠᠳᠬᠠᠵᠤ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠤᠷᠢᠳᠴᠢᠯᠠᠨ ᠠᠵᠢᠯᠯᠠᠬᠤ ᠬᠡᠷᠡᠭᠲᠡᠶ᠃ ᠪᠡᠯᠡ | ᠣᠷᠣᠭᠤᠯᠤᠯᠲᠠ ᠪᠠ ᠬᠡᠷᠡᠭᠯᠡᠭᠡ ᠶᠢᠨ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠬᠠᠳᠠᠭᠠᠯᠠᠯᠲᠠ ᠶᠢ | ᠲᠣᠭᠲᠠᠪᠤᠷᠢᠵᠢᠭᠤᠯᠵᠤ᠂ ᠨᠡᠮᠡᠭᠳᠡᠯ ᠢ ᠥᠷᠭᠡᠳᠬᠡᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ᠪᠦᠲᠦᠮᠵᠢᠲᠡᠢ | ᠬᠡᠷᠡᠭᠴᠡᠭᠡ ᠶᠢ ᠥᠷᠭᠡᠳᠬᠡᠬᠦ ᠲᠠᠯ᠎ᠠ ᠪᠠᠷ ᠪᠦᠬᠦ ᠬᠦᠴᠦᠨ ᠢᠶᠠᠷ ᠢᠶᠠᠨ ᠰᠢᠪᠲᠤᠯᠤᠯᠲᠠ ᠭᠠᠷᠭᠠᠬᠤ ᠬᠡᠷᠡᠭᠲᠡᠢ᠃ ᠰᠢᠨ᠎ᠡ | ᠬᠠᠭᠤᠴᠢᠨ ᠬᠥᠳᠡᠯᠭᠡᠬᠦ ᠬᠦᠴᠦᠨ ᠵᠠᠯᠭᠠᠯᠳᠤᠭᠤᠯᠤᠨ ᠰᠣᠯᠢᠭᠳᠠᠬᠤ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ | ᠳᠠᠪᠠᠭᠤᠯᠢᠭ ᠤᠨᠴᠠᠯᠢᠬᠳᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠪᠦᠬᠦ | ᠬᠦᠴᠦᠨ ᠢᠶᠠᠷ ᠢᠶᠠᠨ ᠰᠢᠪᠲᠤᠯᠤᠯᠲᠠ ᠭᠠᠷᠭᠠᠬᠤ ᠬᠡᠷᠡᠭᠲᠡᠢ᠃ ᠥᠭᠡᠷᠡᠴᠢᠯᠡᠯᠲᠡ ᠲᠠᠢ ᠠᠷᠭ᠎ᠠ ᠪᠠᠷ ᠬᠥᠭᠵᠢᠯᠲᠡ ᠶᠢᠨ | ᠬᠦᠴᠢᠷᠳᠡᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠨᠡᠭᠡᠭᠡᠯᠲᠡ ᠲᠠᠢ ᠠᠷᠭ᠎ᠠ ᠪᠠᠷ ᠬᠥᠭᠵᠢᠯᠲᠡ ᠶᠢᠨ ᠣᠷᠣᠨ ᠵᠠᠢ ᠶᠢ | ᠥᠷᠭᠡᠳᠬᠡᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠲᠠᠯ᠎ᠠ ᠪᠠᠷ ᠪᠦᠬᠦ ᠬᠦᠴᠦᠨ ᠢᠶᠠᠷ ᠢᠶᠠᠨ | ᠰᠢᠪᠲᠤᠯᠤᠯᠲᠠ ᠭᠠᠷᠭᠠᠬᠤ ᠬᠡᠷᠡᠭᠲᠡᠢ᠃ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠪᠠᠷ | ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠪᠣᠯᠤᠨ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠲᠠᠯ᠎ᠠ ᠪᠠᠷ | ᠰᠢᠪᠲᠤᠯᠤᠯᠲᠠ ᠭᠠᠷᠭᠠᠬᠤ ᠬᠡᠷᠡᠭᠲᠡᠢ᠃ ᠬᠠᠮᠠᠭᠠᠯᠠᠬᠤ ᠶᠢ ᠴᠢᠬᠤᠯᠠᠴᠢᠯᠠᠬᠤ᠂ ᠵᠠᠰᠠᠯᠲᠠ ᠶᠢ ᠴᠢᠩᠭᠠᠳᠬᠠᠬᠤ᠂ ᠦᠷ᠎ᠡ | ᠪᠦᠲᠦᠮᠵᠢ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠣᠬᠢᠷᠲᠤᠯ ᠦᠭᠡᠢ | ᠬᠡᠯᠪᠡᠷᠢ ᠪᠣᠯᠭᠠᠨ ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ ᠪᠦᠬᠦ ᠬᠦᠴᠦᠨ ᠢᠶᠠᠷ ᠢᠶᠠᠨ ᠰᠢᠪᠲᠤᠯᠤᠯᠲᠠ ᠭᠠᠷᠭᠠᠬᠤ | ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠶᠠᠪᠤᠳᠠᠯ᠂ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ | ᠶᠠᠪᠤᠳᠠᠯ ᠳᠡᠭᠡᠷ᠎ᠡ ᠰᠡᠳᠬᠢᠯ ᠲᠠᠯᠪᠢᠵᠤ᠂ ᠪᠣᠳᠠᠲᠤ ᠦᠷ᠎ᠡ ᠪᠦᠲᠦᠮᠵᠢ ᠲᠠᠢ ᠠᠷᠠᠳ ᠤᠨ ᠠᠮᠢᠳᠤᠷᠠᠯ ᠤᠨ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠪᠦᠬᠦ | ᠬᠦᠴᠦᠨ ᠢᠶᠠᠷ ᠢᠶᠠᠨ ᠰᠢᠪᠲᠤᠯᠤᠯᠲᠠ ᠭᠠᠷᠭᠠᠬᠤ ᠬᠡᠷᠡᠭᠲᠡᠢ᠃ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ | ᠱᠤᠭᠤᠮ ᠢ ᠪᠠᠲᠤ ᠰᠠᠬᠢᠬᠤ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠪᠦᠬᠦ ᠬᠦᠴᠦᠨ ᠢᠶᠠᠷ ᠢᠶᠠᠨ ᠰᠢᠪᠲᠤᠯᠤᠯᠲᠠ ᠭᠠᠷᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠡᠭᠡᠷ᠎ᠡ᠂ ᠡᠨᠡ ᠵᠢᠯ ᠤᠨ ᠡᠯ᠎ᠡ ᠵᠦᠢᠯ ᠤᠨ ᠠᠵᠢᠯ ᠨᠢᠭᠡᠨᠲᠡ ᠪᠦᠬᠦ ᠲᠠᠯ᠎ᠠ ᠪᠠᠷ ᠡᠬᠢᠯᠡᠵᠦ᠂ | ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ᠦᠵᠡᠯ ᠰᠠᠨᠠᠭ᠎ᠠ ᠪᠠᠨ ᠨᠢᠭᠡᠳᠬᠡᠵᠦ᠂ ᠴᠤᠭ ᠵᠠᠯᠢ ᠪᠠᠨ ᠪᠠᠳᠠᠷᠠᠭᠤᠯᠵᠤ᠂ ᠰᠡᠳᠬᠢᠯ ᠰᠠᠨᠠᠭ᠎ᠠ ᠪᠠᠨ | ᠲᠥᠪᠯᠡᠷᠡᠭᠦᠯᠦᠨ ᠡᠷᠡᠯᠬᠡᠭᠯᠡᠨ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠲᠦᠷᠭᠡᠳᠬᠡᠬᠦ ᠲᠤᠯᠭᠠᠮ᠎ᠠ ᠰᠡᠳᠬᠢᠯᠭᠡ ᠪᠠᠨ | ᠨᠡᠮᠡᠭᠳᠡᠭᠦᠯᠵᠦ᠂ ᠬᠦᠴᠦᠨ ᠵᠦᠢᠯ ᠢ ᠢᠵᠢ ᠪᠦᠷᠢᠳᠦᠭᠰᠡᠨ᠂ ᠦᠢᠯᠡᠴᠢᠯᠡᠭᠡ ᠨᠢ ᠴᠢᠨᠠᠷ ᠰᠠᠶᠢᠲᠠᠢ ᠣᠷᠴᠢᠨ | ᠲᠣᠭᠤᠷᠢᠨ ᠢ ᠪᠤᠢ ᠪᠣᠯᠭᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠰᠠᠶᠢᠵᠢᠷᠠᠭᠤᠯᠬᠤ ᠪᠠᠷ ᠲᠡᠮᠡᠴᠡᠵᠦ᠂ | ᠦᠷᠭᠦᠯᠵᠢᠯᠡᠨ ᠰᠢᠪᠲᠤᠯᠤᠯᠲᠠ ᠭᠠᠷᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠯᠢᠳᠡᠭ ᠬᠢᠷᠢ ᠪᠦᠲᠦᠮᠵᠢ | ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠬᠦᠳᠡ ᠬᠤᠷᠠᠯ ᠳᠡᠭᠡᠷ᠎ᠡ ᠨᠠᠮ ᠤᠨ ᠲᠦᠷᠢᠮ ᠪᠣᠯᠤᠨ ᠨᠠᠮ ᠤᠨ ᠳᠣᠲᠣᠭᠠᠳᠤ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ ᠸᠠᠩ ᠵᠢᠶᠠᠨ ᠪᠦᠦ ᠶᠢᠨ ᠬᠤᠳᠠ ᠶᠢᠨ ᠵᠢᠷᠭᠤᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠬᠡᠮ ᠢ ᠵᠣᠭᠰᠣᠭᠠᠵᠤ᠂ ᠰᠦᠩ ᠵᠢᠶᠠᠨ ᠪᠥᠸᠧ | ᠨᠥᠬᠦᠷ ᠤᠨ ᠵᠢᠷᠭᠤᠳᠤᠭᠠᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ ᠤ ᠲᠤᠰᠢᠶᠠᠯ ᠠᠴᠠ ᠪᠠᠨ | ᠪᠠᠭᠤᠬᠤ ᠶᠢ ᠵᠥᠪᠰᠢᠶᠡᠷᠡᠬᠦ ᠪᠠᠷ ᠲᠣᠭᠲᠠᠪᠠ᠃ | ᠪᠦᠬᠦᠳᠡ ᠬᠤᠷᠠᠯ ᠳᠡᠭᠡᠷ᠎ᠡ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠲᠣᠣᠱᠯᠠᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠬᠠᠷᠠᠯᠲᠠ ᠪᠠᠨ | ᠲᠣᠭᠲᠠᠭᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠦᠨᠡᠨ | ᠬᠦ ᠠᠳᠬᠤᠨ ᠪᠣᠳᠠᠲᠠᠢ ᠠᠵᠢᠯᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠬᠦ | ᠲᠠᠯ᠎ᠠ ᠪᠠᠷ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠦᠩᠯᠢᠶᠣᠤ ᠶᠢᠨ | ᠦᠢᠯᠡᠳᠦᠯᠭᠡ ᠨᠡᠩ ᠶᠡᠭᠡ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ | ᠪᠠᠲᠤᠯᠠᠬᠤ ᠬᠡᠷᠡᠭᠲᠡᠢ ᠭᠡᠵᠦ ᠤᠷᠢᠶᠠᠯᠠᠪᠠ᠃ |