ᠮᠠᠨ ᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠠᠰᠢᠭ ᠣᠷᠣᠯᠭ᠎ᠠ ᠳᠠᠬᠢᠨᠲᠠ ᠰᠢᠨ᠎ᠡ ᠪᠠᠶᠢᠳᠠᠯ ᠢ ᠡᠭᠦᠳᠪᠡ
ᠨᠡᠶᠢᠲᠡᠯᠡᠭᠰᠡᠨ ᠴᠠᠭ᠄
2025/1/7
    2024 ᠣᠨ ᠳᠤ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠠᠰᠢᠭ ᠣᠷᠣᠯᠭ᠎ᠠ 961.41 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 8% ᠪᠠᠷ ᠨᠡᠮᠡᠭᠳᠡᠪᠡ᠃ ᠡᠭᠦᠨ ᠳᠤ᠂ ᠠᠭᠤᠷᠬᠠᠢ ᠶᠢᠨ  ᠦᠢᠯᠡᠰ ᠤᠨ ᠡᠷᠬᠡ ᠶᠢᠨ ᠠᠰᠢᠭ  ᠣᠷᠣᠯᠭ᠎ᠠ ᠨᠢ 305.91 ᠳ᠋ᠦᠩᠰᠢᠭᠤᠷ  ᠲᠥᠭᠦᠷᠢᠭ  ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.61% ᠪᠠᠷ ᠨᠡᠮᠡᠭᠳᠡᠨ᠂ ᠭᠠᠵᠠᠷ ᠰᠢᠷᠣᠶ ᠶᠢ ᠬᠤᠳᠠᠯᠳᠤᠨ ᠰᠢᠯᠵᠢᠭᠦᠯᠦᠭᠰᠡᠨ ᠣᠷᠣᠯᠭ᠎ᠠ ᠨᠢ 412.13 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.83 % ᠪᠠᠷ ᠨᠡᠮᠡᠭᠳᠡᠵᠦ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠲᠥᠯᠥᠪᠦᠷᠢ ᠲᠠᠢ ᠪᠠᠷ ᠬᠡᠷᠡᠭᠯᠡᠬᠦ ᠵᠠᠷᠤᠳᠠᠯ 26.67 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.32% ᠢᠶᠠᠷ ᠪᠠᠭᠤᠷᠠᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠤᠬᠢᠷᠠᠯ ᠢ 193.47 ᠳ᠋ᠦᠩᠰᠢᠭᠤᠷ ᠲᠥᠭᠦᠷᠢᠭ ᠨᠡᠬᠡᠮᠵᠢᠯᠡᠭᠰᠡᠨ ᠪᠠ ᠡᠭᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.2 % ᠢᠶᠠᠷ ᠨᠡᠮᠡᠭᠳᠡᠵᠦ᠂ ᠭᠤᠸᠠᠩᠳᠦ᠋ᠩ ᠮᠤᠵᠢ ᠯᠤᠭ᠎ᠠ ᠶᠢᠨ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠳᠤ ᠬᠤᠯᠪᠣᠭᠳᠠᠭᠤᠯᠬᠤ ᠭᠦᠢᠴᠡᠳᠬᠡᠯ ᠲᠤᠭ᠎ᠠ ᠶᠢ ᠮᠤᠵᠢ ᠠᠯᠤᠰᠯᠠᠨ 22.152 ᠳ᠋ᠦᠩᠰᠢᠭᠤᠷ ᠲᠥᠭᠦᠷᠢᠭ ᠠᠷᠠᠯᠵᠢᠶᠠᠯᠠᠬᠤ ᠶᠢ ᠪᠡᠶᠡᠯᠡᠭᠦᠯᠵᠦ᠂ ᠭᠠᠵᠠᠷ ᠰᠢᠷᠣᠶ ᠶᠢᠨ ᠨᠥᠭᠡᠴᠡᠯᠡᠯᠲᠡ ᠶᠢᠨ ᠠᠰᠢᠭ ᠣᠷᠣᠯᠭ᠎ᠠ ᠶᠢ 1.08 ᠳ᠋ᠦᠩᠰᠢᠭᠤᠷ ᠲᠥᠭᠦᠷᠢᠭ ᠪᠡᠶᠡᠯᠡᠭᠦᠯᠪᠡ᠃ ︵ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ︶
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号