| | | ᠡᠪᠦᠯ ᠤᠨ ᠰᠡᠯᠡᠭᠦᠦ ᠴᠠᠭ ᠲᠤ᠂ ᠬᠦᠷᠢᠶ᠎ᠡ ᠬᠤᠰᠢᠭᠤᠨ ᠤ ᠡᠯ᠎ᠡ ᠭᠠᠵᠠᠷ ᠤᠨ ᠲᠥᠬᠦᠭᠡᠷᠦᠮᠵᠢᠲᠦ ᠲᠠᠷᠢᠶᠠᠯᠠᠩ ᠤᠨ | ᠶᠡᠭᠡ ᠬᠦᠯᠡᠮᠵᠢ ᠳᠤ ᠭᠦᠷ ᠬᠥᠭᠵᠢᠶᠡᠨ ᠢᠶᠠᠷ ᠪᠢᠯᠬᠠᠵᠤ᠂ ᠲᠠᠷᠢᠬᠤ᠂ ᠠᠷᠠᠴᠢᠯᠠᠨ ᠬᠠᠮᠢᠶᠠᠷᠬᠤ᠂ ᠲᠡᠭᠦᠬᠦ᠂ | ᠪᠣᠷᠣᠯᠠᠭᠤᠯᠬᠤ ᠁ ᠶᠠᠭᠠᠷᠠᠯᠲᠠᠢ ᠠᠵᠢᠯ ᠤᠨ ᠪᠠᠶᠢᠳᠠᠯ ᠭᠠᠵᠠᠷ ᠪᠣᠯᠭᠠᠨ ᠳᠤ ᠬᠠᠷᠠᠭᠳᠠᠨ᠎ᠠ᠃ | ᠬᠦᠷᠢᠶ᠎ᠡ ᠪᠠᠯᠭᠠᠰᠤᠨ ᠤ ᠶᠤᠸᠠᠨ ᠪᠦᠦ ᠱᠠᠨ ᠲᠣᠰᠬᠤᠨ ᠤ ᠯᠢ ᠵᠢᠩ ᠹᠧᠩ ᠤᠨ ᠬᠢᠨ ᠤ ᠳᠤᠯᠠᠭᠠᠨ ᠬᠦᠯᠡᠮᠵᠢ ᠳᠤ | ᠬᠦᠷᠬᠦ ᠳᠤ᠂ ᠭᠦᠵᠡᠯᠵᠡᠭᠡᠨ᠎ᠡ ᠨᠢᠭᠡᠨᠲᠡ ᠤᠯᠠᠶᠢᠨ ᠪᠣᠯᠪᠠᠰᠤᠷᠠᠵᠤ᠂ ᠨᠣᠮᠢᠨ ᠨᠣᠭᠤᠭᠠᠨ ᠨᠠᠪᠴᠢᠨ ᠤ ᠳᠤᠮᠳᠠ ᠭᠠᠯ | ᠤᠯᠠᠭᠠᠨ ᠭᠦᠵᠡᠯᠵᠡᠭᠡᠨ᠎ᠡ ᠳᠤᠷᠠᠶᠢᠨ ᠬᠠᠷᠠᠭᠳᠠᠵᠤ᠂ ᠪᠠᠳᠮᠠᠷᠠᠭ᠎ᠠ ᠮᠡᠲᠦ ᠬᠥᠮᠥᠰ ᠤᠨ ᠪᠠᠭ᠋ᠠᠷᠬᠠᠯ ᠢ ᠲᠠᠲᠠᠨ᠎ᠠ᠃ ᠯᠢ | ᠵᠢᠩ ᠹᠧᠩ ᠭᠦᠵᠡᠯᠵᠡᠭᠡᠨ᠎ᠡ ᠪᠠᠨ ᠲᠡᠭᠦᠵᠦ ᠪᠣᠭᠤᠳᠠᠯᠯᠠᠵᠤ᠂ ᠡᠯ᠎ᠡ ᠲᠣᠮᠣ ᠬᠤᠳᠠᠯᠳᠤᠭᠠᠨ ᠤ ᠭᠡᠲᠦ ᠳᠡᠯᠭᠡᠭᠦᠷ ᠲᠤ | ᠬᠦᠷᠭᠡᠬᠦ ᠪᠠᠷ ᠪᠡᠯᠡᠳᠬᠡᠵᠦ ᠪᠠᠶᠢᠯ᠎ᠠ᠃ | ᠯᠢ ᠵᠢᠩ ᠹᠧᠩ ᠳᠤᠯᠠᠭᠠᠨ ᠬᠦᠯᠡᠮᠵᠢ ᠡᠵᠡᠩᠨᠡᠭᠡᠳ ᠨᠢᠭᠡᠨᠲᠡ ᠠᠷᠪᠠᠨ ᠲᠠᠪᠤ ᠵᠢᠷᠭᠤᠭᠠᠨ ᠵᠢᠯ ᠪᠣᠯᠵᠤ ᠪᠠᠶᠢᠨ᠎ᠠ᠂ | ᠭᠤᠣᠯᠳᠠᠭᠤ ᠭᠦᠵᠡᠯᠵᠡᠭᠡᠨ᠎ᠡ᠂ ᠵᠢᠵᠢᠭ ᠱᠠᠪᠲᠠᠯ᠎ᠠ᠂ ᠦᠵᠦᠮ ᠵᠡᠷᠭᠡ ᠵᠢᠮᠢᠰ ᠨᠣᠭᠤᠭ᠎ᠠ ᠲᠠᠷᠢᠵᠤ᠂ ᠵᠢᠯ ᠳᠤ ᠬᠤᠶᠠᠷ | ᠡᠭᠡᠯᠵᠢ ᠲᠠᠷᠢᠵᠤ ᠪᠤᠢ᠃ ᠡᠨᠡ ᠬᠡᠳᠦᠨ ᠵᠢᠯ ᠳᠤ᠂ ᠲᠠᠷᠢᠮᠠᠯ ᠤᠨ ᠮᠡᠷᠭᠡᠵᠢᠯ ᠨᠢ ᠤᠯᠠᠮ ᠠᠴᠠ ᠤᠯᠠᠮ | ᠪᠣᠯᠪᠠᠰᠤᠷᠠᠬᠤ ᠶᠢ ᠳᠠᠭᠠᠯᠳᠤᠨ᠂ ᠲᠡᠲᠡᠨ ᠤ ᠬᠦᠯᠡᠮᠵᠢ ᠶᠢᠨ ᠤᠨᠠᠯᠳᠠ ᠨᠢ ᠵᠢᠯ ᠠᠴᠠ ᠵᠢᠯ ᠨᠡᠮᠡᠭᠳᠡᠵᠦ᠂ ᠠᠮᠢᠳᠤᠷᠠᠯ ᠨᠢ | ᠴᠤ ᠵᠢᠯ ᠠᠴᠠ ᠵᠢᠯ ᠰᠠᠶᠢᠵᠢᠷᠠᠵᠤ ᠪᠠᠶᠢᠨ᠎ᠠ᠃ ︽ᠡᠨᠡ ᠵᠢᠯ ᠨᠢᠭᠡ ᠬᠦᠯᠡᠮᠵᠢ ᠭᠦᠵᠡᠯᠵᠡᠭᠡᠨ᠎ᠡ᠂ ᠨᠢᠭᠡ ᠬᠦᠯᠡᠮᠵᠢ | ᠦᠵᠦᠮ᠂ ᠨᠢᠭᠡ ᠬᠦᠯᠡᠮᠵᠢ ᠱᠠᠪᠲᠠᠯ᠎ᠠ ᠳᠠᠷᠢᠵᠠᠢ᠃ ᠡᠨᠡ ᠡᠭᠡᠯᠵᠢ ᠶᠢᠨ ᠵᠢᠵᠢᠭ ᠱᠠᠪᠲᠠᠯ᠎ᠠ ᠶᠢ ᠵᠢᠯ ᠤᠨ ᠡᠮᠦᠨ᠎ᠡ | ᠳᠠᠭᠤᠰᠬᠠᠴᠢᠬᠠᠨ᠎ᠠ᠂ 2 ᠲᠦᠮᠡ ᠭᠠᠷᠤᠢ ᠲᠥᠭᠦᠷᠢᠭ ᠢᠶᠠᠷ ᠬᠤᠳᠠᠯᠳᠤᠵᠤ ᠲᠡᠶᠢᠯᠦᠨ᠎ᠡ᠃ ᠭᠦᠵᠡᠯᠵᠡᠭᠡᠨ᠎ᠡ ᠶᠢ ᠡᠨᠡ | ᠵᠢᠯ ᠤᠨ 6 ᠰᠠᠷ᠎ᠠ ᠪᠤᠯᠲᠠᠯ᠎ᠠ ᠲᠡᠭᠦᠵᠦ ᠪᠣᠯᠣᠨ᠎ᠠ᠂ ᠳᠥᠷᠪᠡ ᠲᠠᠪᠤᠨ ᠲᠦᠮᠡᠨ ᠲᠥᠭᠦᠷᠢᠭ ᠢᠶᠠᠷ ᠬᠤᠳᠠᠯᠳᠤᠵᠤ | ᠲᠡᠶᠢᠯᠦᠨ᠎ᠠ᠃ ᠦᠵᠦᠮ ᠢ ᠡᠨᠡ ᠵᠢᠯ ᠤᠨ ᠲᠠᠪᠤᠨ ᠰᠠᠷ᠎ᠠ ᠶᠢᠨ ᠨᠢᠭᠡᠨ ᠤ ᠣᠷᠴᠢᠮ ᠢᠶᠠᠷ ᠵᠠᠬ᠎ᠠ ᠳᠡᠯᠭᠡᠭᠦᠷ ᠲᠤ | ᠭᠠᠷᠭᠠᠨ᠎ᠠ᠃ ᠵᠤᠨ ᠤ ᠤᠯᠠᠷᠢᠯ ᠳᠤ ᠪᠠᠭ᠎ᠠ ᠰᠠᠭ᠎ᠠ ᠲᠠᠷᠢᠶ᠎ᠠ ᠲᠠᠷᠢᠵᠤ᠂ ᠡᠪᠦᠯ ᠤᠨ ᠤᠯᠠᠷᠢᠯ ᠳᠤ ᠬᠦᠯᠡᠮᠵᠢ ᠪᠠᠨ | ᠤᠷᠤᠯᠳᠤᠭᠠᠳ᠂ ᠵᠦᠭᠡᠷ ᠰᠠᠭᠤᠬᠤ ᠴᠠᠭ ᠭᠠᠷᠬᠤ ᠦᠭᠡᠢ᠂ ᠡᠪᠦᠯ ᠵᠤᠨ ᠭᠡᠰᠡᠨ ᠦᠭᠡᠢ ᠪᠦᠷ ᠵᠣᠭᠤᠰ ᠣᠯᠵᠤ᠂ | ᠠᠮᠢᠳᠤᠷᠠᠯ ᠤᠤᠯ ᠤᠨ ᠬᠢ ᠠᠴᠠ ᠪᠠᠨ ᠬᠤᠯᠠ ᠰᠠᠶᠢᠵᠢᠷᠠᠵᠠᠢ︾ ᠭᠡᠵᠦ ᠯᠢ ᠵᠢᠩ ᠹᠧᠩ ᠢᠨᠢᠶᠡᠮᠰᠦᠭᠯᠡᠨ ᠶᠠᠷᠢᠨ᠎ᠠ᠃ | ᠬᠦᠯᠡᠮᠵᠢ ᠶᠢᠨ ᠭᠠᠳᠠᠨ᠎ᠠ ᠲᠡᠰᠭᠢᠮᠠ ᠬᠦᠢᠲᠡᠨ ᠰᠠᠯᠬᠢ ᠰᠠᠯᠬᠢᠯᠠᠵᠤ᠂ ᠬᠦᠯᠡᠮᠵᠢ ᠶᠢᠨ ᠳᠣᠲᠣᠷ᠎ᠠ ᠬᠠᠪᠤᠷ ᠤᠨ | ᠦᠵᠡᠮᠵᠢ ᠪᠠᠷ ᠪᠢᠯᠬᠠᠨ᠎ᠠ᠃ ᠬᠥᠬᠦᠨ ᠪᠠᠯᠭᠠᠰᠤᠨ ᠤ ᠯᠥᠸᠧ ᠵᠢᠶᠠ ᠵᠠᠩᠽᠢ ᠲᠣᠰᠬᠤᠨ ᠤ ᠳᠤᠯᠠᠭᠠᠨ ᠬᠦᠯᠡᠮᠵᠢ ᠶᠢᠨ | ᠳᠣᠲᠣᠷ᠎ᠠ ᠣᠷᠣᠬᠤ ᠳᠤ᠂ ᠬᠥᠮᠥᠨ ᠴᠢᠨᠡᠭᠡ ᠥᠨᠳᠥᠷ ᠵᠢᠶᠠᠰᠠᠨ ᠳᠡᠭᠡᠷ᠎ᠡ ᠨᠣᠪ ᠨᠣᠭᠤᠭᠠᠨ ᠵᠡᠯ᠎ᠡ ᠣᠷᠢᠶᠠᠵᠤ᠂ | ᠶᠠᠭᠰᠢᠷᠠᠲᠠᠯ᠎ᠠ ᠰᠠᠭᠤᠭᠰᠠᠨ ᠥᠷᠭᠡᠰᠦᠲᠦ ᠬᠡᠮᠬᠡ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠤᠷᠭᠤᠯᠲᠠ ᠶᠢᠨ | ᠪᠠᠶᠢᠳᠠᠯ ᠬᠥᠮᠥᠨ ᠤ ᠰᠡᠳᠬᠢᠯ ᠢ ᠪᠠᠶᠠᠰᠬᠠᠨ᠎ᠠ᠃ ᠠᠵᠢᠯᠴᠢᠳ ᠦᠷᠭᠡᠰᠦᠲᠦ ᠬᠡᠮᠬᠡ ᠶᠢᠨ ᠴᠢᠬᠢ ᠶᠢ ᠨᠠᠷᠢᠨ ᠨᠢᠮᠪᠠᠢ | ᠬᠠᠮᠢᠶᠠᠷᠤᠨ ᠠᠷᠠᠴᠢᠯᠠᠵᠤ ᠪᠠᠶᠢᠯ᠎ᠠ᠃ ᠲᠣᠰᠬᠤᠨ ᠤ ᠠᠷᠠᠳ ᠸᠠᠩ ᠼᠦᠢ ᠶᠢᠩ᠄ ︽ᠲᠠᠷᠢᠶᠠᠨ ᠠᠵᠢᠯ ᠢᠶᠠᠨ ᠬᠢᠵᠦ | ᠪᠠᠷᠠᠭᠰᠠᠨ ᠤ ᠳᠠᠷᠠᠭ᠎ᠠ᠂ ᠬᠦᠯᠡᠮᠵᠢ ᠳᠤ ᠪᠠᠭ᠎ᠠ ᠰᠠᠭ᠎ᠠ ᠠᠵᠢᠯ ᠣᠯᠵᠤ ᠬᠢᠪᠡᠯ᠂ ᠡᠳᠦᠷ ᠲᠤ ᠨᠢᠭᠡ ᠬᠤᠶᠠᠷ ᠵᠠᠭᠤᠨ | ᠲᠥᠭᠦᠷᠢᠭ ᠵᠣᠭᠤᠰ ᠣᠯᠴᠢᠬᠠᠨ᠎ᠠ︾ ᠭᠡᠵᠦ ᠶᠠᠷᠢᠵᠤ ᠪᠠᠶᠢᠯ᠎ᠠ᠃ | ᠯᠥᠸᠧ ᠵᠢᠶᠠ ᠵᠠᠩᠽᠢ ᠲᠣᠰᠬᠤᠨ ᠤ ᠳᠤᠯᠠᠭᠠᠨ ᠬᠦᠯᠡᠮᠵᠢ ᠶᠢ 2022 ᠣᠨ ᠳᠤ ᠪᠠᠶᠢᠭᠤᠯᠵᠤ᠂ 230 ᠮᠦ | ᠭᠠᠵᠠᠷ ᠡᠵᠡᠯᠡᠵᠦ᠂ ᠤᠯᠠᠷᠢᠯ ᠰᠥᠷᠬᠦ ᠵᠢᠮᠢᠰ ᠨᠣᠭᠤᠭ᠎ᠠ ᠲᠠᠷᠢᠬᠤ ᠪᠠᠷ ᠭᠤᠣᠯ ᠪᠤᠯᠭᠠᠵᠤ᠂ ᠵᠢᠯ ᠳᠤ ᠭᠤᠷᠪᠠᠨ ᠡᠭᠡᠯᠵᠢ | ᠲᠠᠷᠢᠵᠤ ᠪᠤᠢ᠃ ᠲᠠᠷᠢᠬᠤ᠂ ᠬᠠᠮᠢᠶᠠᠷᠬᠤ᠂ ᠲᠡᠭᠦᠵᠦ ᠬᠤᠷᠢᠶᠠᠬᠤ ᠵᠡᠷᠭᠡ ᠵᠠᠩᠭᠢᠯᠠᠭ᠎ᠠ ᠳᠤ ᠴᠥᠮ ᠶᠡᠭᠡ ᠬᠡᠮᠵᠢᠶᠡᠨ ᠤ | ᠭᠦᠳᠡᠯᠮᠦᠷᠢ ᠬᠦᠴᠦ ᠬᠡᠷᠡᠭᠰᠡᠳᠡᠭ᠂ ᠡᠨᠡ ᠨᠢ ᠮᠥᠨ ᠴᠦ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠤᠯᠠᠷᠢᠯ ᠤᠨ | ᠴᠢᠨᠠᠷᠲᠠᠢ ᠠᠵᠢᠯ ᠤᠨ ᠪᠠᠶᠢᠷᠢ ᠶᠢ ᠬᠠᠩᠭᠠᠵᠤ ᠥᠭᠭᠦᠭᠰᠡᠨ ᠪᠠᠶᠢᠨ᠎ᠠ᠃ ᠲᠤᠰᠬᠤᠨ ᠤ ᠠᠷᠠᠳ ᠤᠨ ᠵᠥᠪᠯᠡᠯ ᠤᠨ ᠳᠡᠳ᠋ | ᠡᠷᠭᠢᠯᠡᠭᠴᠢ ᠯᠢᠦ ᠹᠦ᠋ ᠰᠢᠤᠸᠠᠢ᠄ ︽ᠮᠠᠨ ᠤ ᠲᠤᠰᠬᠤᠨ ᠳᠤ ᠨᠡᠶᠢᠳᠡ 27 ᠬᠦᠯᠡᠮᠵᠢ ᠲᠠᠢ᠂ ᠤᠳᠤ ᠪᠠᠷ ᠲᠠᠷᠢᠵᠤ | ᠪᠠᠶᠢᠭ᠎ᠠ ᠬᠠᠰᠢ᠂ ᠥᠷᠭᠡᠰᠦᠲᠦ ᠬᠡᠮᠬᠡ᠂ ᠲᠥᠪᠡᠳ ᠬᠠᠰᠢ ᠪᠦᠷ ᠵᠠᠬ᠎ᠠ ᠳᠡᠯᠭᠡᠭᠦᠷ ᠲᠤ ᠭᠠᠷᠴᠠᠢ᠂ ᠵᠢᠯ ᠪᠦᠷᠢ ᠶᠢᠨ | ᠬᠦᠯᠡᠮᠵᠢ ᠳᠤ ᠵᠢᠷᠠ ᠲᠠᠯᠠᠨ ᠬᠥᠮᠥᠨ ᠬᠡᠷᠡᠭᠯᠡᠬᠦ ᠴᠢᠬᠤᠯᠠᠲᠠᠢ᠂ ᠪᠦᠷ ᠯᠡ ᠮᠠᠨ ᠤ ᠲᠤᠬᠠᠢ ᠶᠢᠨ ᠭᠠᠵᠠᠷ ᠤᠨ ᠤᠯᠠᠨ | ᠲᠦᠮᠡᠨ ᠢᠶᠠᠨ ᠵᠠᠷᠤᠵᠤ ᠣᠷᠣᠯᠭ᠎ᠠ ᠶᠢᠨ ᠨᠡᠮᠡᠭᠳᠡᠯ ᠢ ᠨᠢ ᠠᠬᠢᠭᠤᠯᠵᠤ ᠪᠠᠶᠢᠨ᠎ᠠ︾ ᠭᠡᠵᠦ ᠶᠠᠷᠢᠵᠤ ᠪᠠᠶᠢᠯ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠬᠦᠷᠢᠶ᠎ᠡ ᠬᠤᠰᠢᠭᠤ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ ᠪᠠᠨ ᠪᠤᠯᠭᠠᠵᠤ᠂ ᠲᠥᠬᠦᠭᠡᠷᠦᠮᠵᠢᠲᠦ ᠲᠠᠷᠢᠶᠠᠯᠠᠩ ᠢ | ᠶᠡᠭᠡ ᠪᠠᠷ ᠬᠥᠭᠵᠢᠭᠦᠯᠵᠦ᠂ ᠲᠤᠰᠬᠠᠢ ᠬᠦᠷᠢᠶᠡᠯᠡᠩ ᠲᠣᠭᠤᠷᠢᠭ ᠢ 9 ᠪᠠᠶᠢᠭᠤᠯᠵᠤ᠂ 518 ᠲᠣᠮᠣ ᠬᠦᠯᠡᠮᠵᠢ ᠶᠢ | ᠪᠠᠶᠢᠭᠤᠯᠵᠤ᠂ ᠤᠷᠳᠤ ᠬᠤᠭᠤᠴᠠᠭ᠎ᠠ ᠪᠠᠷ ᠠᠵᠢᠯ ᠣᠯᠵᠤ ᠬᠢᠵᠦ᠂ ᠲᠦᠷᠪᠡᠨ ᠤᠯᠠᠷᠢᠯ ᠳᠤ ᠵᠣᠭᠤᠰ ᠣᠯᠬᠤ ᠶᠢ | ᠪᠡᠶᠡᠯᠡᠭᠦᠯᠵᠦ᠂ ᠳᠤᠯᠠᠭᠠᠨ ᠬᠦᠯᠡᠮᠵᠢ ᠨᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ︽ᠡᠷᠳᠡᠨᠢ | ᠶᠢᠨ ᠰᠠᠩ︾ ᠪᠣᠯᠤᠭᠰᠠᠨ ᠪᠠᠶᠢᠨ᠎ᠠ᠃ | ︵ᠯᠢ ᠮᠢᠩ ᠶᠤᠸᠠᠢ ᠪᠦᠦ ᠴᠢᠦ ᠶᠠᠩ︶ |