2024 ᠣᠨ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ | ᠪᠦᠲᠦᠮᠵᠢᠲᠡᠶ ᠪᠠᠳᠠᠷᠠᠭᠤᠯᠬᠤ ᠶᠢᠨ ᠲᠣᠭᠤᠷᠢᠨ ᠳᠤ᠂ ᠮᠡᠳᠡᠷᠡᠬᠦᠢ᠂ ᠬᠦᠷᠬᠦᠢ᠂ ᠬᠡᠮᠵᠢᠭᠳᠡᠬᠦᠢ ᠶᠢᠨ ᠲᠠᠯ᠎ᠠ ᠪᠠᠷ | ᠢᠳᠡᠪᠬᠢᠲᠡᠢ ᠬᠠᠶᠢᠨ ᠰᠦᠪᠡᠭᠴᠢᠯᠡᠵᠦ᠂ ᠰᠢᠨ᠎ᠡ ᠬᠡᠯᠪᠡᠷᠢ ᠶᠢᠨ ᠠᠵᠢᠯ ᠤᠨ ᠠᠷᠭ᠎ᠠ ᠶᠢ ᠪᠠᠶᠢᠭᠤᠯᠵᠤ᠂ ᠭᠡᠷ ᠪᠦᠯᠢ ᠶᠢᠨ | ᠵᠥᠷᠢᠴᠡᠯ ᠢ ᠪᠠᠶᠢᠴᠠᠭᠠᠨ ᠰᠢᠢᠳᠪᠦᠷᠢᠯᠡᠪᠡ︔ ᠬᠠᠶᠢᠷ᠎ᠠ ᠬᠠᠯᠠᠮᠵᠢ ᠶᠢᠨ ᠦᠢᠯᠡᠴᠢᠯᠡᠭᠡ ᠶᠢ ᠲᠠᠬᠢᠨ ᠲᠡᠰ ᠳᠡᠪᠰᠢᠭᠦᠯᠵᠦ᠂ | ᠪᠦᠬᠦ ᠬᠤᠰᠢᠭᠤᠨ ᠤ ᠡᠮᠡᠭᠲᠡᠶᠢᠴᠦᠳ ᠪᠠ ᠬᠡᠦᠬᠡᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠢ ᠬᠠᠩᠭᠠᠪᠠ︔ ᠦᠨᠳᠦᠰᠦᠲᠡᠨ ᠤ ᠪᠦᠯᠬᠦᠮᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠳᠤ ᠡᠮᠡᠭᠲᠡᠶᠢᠴᠦᠳ ᠤᠨ ᠬᠦᠴᠦᠨ ᠢ | ᠡᠷᠭᠦᠵᠦ᠂ ᠪᠦᠬᠦ ᠬᠤᠰᠢᠭᠤᠨ ᠤ ᠡᠮᠡᠭᠲᠡᠶᠢᠴᠦᠳ ᠪᠠ ᠬᠡᠦᠬᠡᠳ ᠤᠨ ᠦᠢᠯᠡᠰ ᠪᠣᠯᠤᠨ ᠡᠮᠡᠭᠲᠡᠶᠢᠴᠦᠳ ᠤᠨ | ᠬᠤᠯᠪᠤᠭᠠᠲᠤ ᠬᠤᠷᠠᠯ ᠤᠨ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ | ᠭᠠᠷᠬᠤ ᠶᠢ ᠠᠬᠢᠭᠤᠯᠪᠠ᠃ | | | |